ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠤᠶᠢᠯᠠᠭᠠᠭᠰᠠᠨ ᠢᠶᠠᠷ᠂ | ᠮᠠᠨ ᠤ ᠣᠷᠣᠨ 7 ᠰᠠᠷ᠎ᠠ ᠶᠢᠨ 1 ᠠᠴᠠ ᠡᠬᠢᠯᠡᠨ ︽ᠴᠠᠭᠠᠨ ᠢᠳᠡᠭᠡᠨ ᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ | ᠦᠢᠯᠡᠴᠢᠯᠡᠭᠡᠨ ᠤ ᠵᠢᠷᠤᠮᠵᠢᠯ︾ ︵DB15/T3423 - 2024︶ ︽ᠦᠬᠡᠷ ᠬᠤᠨᠢᠨ ᠮᠢᠬ᠎ᠠ ᠶᠢᠨ | ᠪᠦᠲᠦᠭᠡᠭᠳᠡᠬᠦᠨ ᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠦᠢᠯᠡᠴᠢᠯᠡᠭᠡᠨ ᠤ ᠵᠢᠷᠤᠮᠵᠢᠯ︾ ︵DB15/T3424 | - 2024︶ ᠭᠡᠬᠦ ᠬᠤᠶᠠᠷ ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠬᠡᠷᠡᠭᠵᠢᠭᠦᠯᠬᠦ ᠪᠠᠷ ᠪᠤᠢ᠃ | ᠬᠤᠶᠠᠷ ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠳᠤ ᠴᠠᠭᠠᠨ ᠢᠳᠡᠭᠡᠨ᠂ ᠦᠬᠡᠷ ᠬᠤᠨᠢᠨ ᠮᠢᠬ᠎ᠠ ᠶᠢᠨ | ᠪᠦᠲᠦᠭᠡᠭᠳᠡᠬᠦᠨ ᠢ ᠬᠦᠢᠲᠡᠨ ᠢᠶᠠᠷ ᠬᠡᠯᠬᠢᠶᠡᠵᠢᠭᠦᠯᠦᠨ ᠲᠡᠭᠡᠭᠡᠪᠦᠷᠢᠯᠡᠬᠦ ᠦᠢᠯᠡᠴᠢᠯᠡᠭᠡᠨ ᠤ ᠲᠥᠬᠦᠭᠡᠷᠦᠮᠵᠢ᠂ | ᠠᠵᠢᠯᠲᠠᠨ ᠤ ᠬᠠᠮᠢᠶᠠᠷᠤᠯᠲᠠ᠂ ᠠᠴᠢᠶᠠᠯᠠᠵᠤ ᠪᠠᠭᠤᠯᠭᠠᠵᠤ ᠵᠥᠭᠡᠭᠡᠪᠦᠷᠢᠯᠡᠬᠦ᠂ ᠲᠡᠭᠡᠭᠡᠪᠦᠷᠢᠯᠡᠬᠦ᠂ ᠮᠡᠳᠡᠭᠡ ᠵᠠᠩᠭᠢ ᠶᠢᠨ | ᠬᠠᠮᠢᠶᠠᠷᠤᠯᠲᠠ ᠵᠡᠷᠭᠡ ᠡᠯᠧᠮᠧᠨ᠋ᠲ ᠤᠨ ᠮᠡᠷᠭᠡᠵᠢᠯ ᠤᠨ ᠨᠥᠬᠦᠴᠡᠯ ᠪᠠ ᠵᠠᠩᠭᠢᠯᠠᠭ᠎ᠠ ᠶᠢᠨ ᠪᠣᠯᠵᠣᠯᠲᠤ ᠲᠤᠭ᠎ᠠ ᠳᠤ ᠨᠠᠷᠢᠨ | ᠲᠣᠭᠲᠠᠭᠠᠯ ᠭᠠᠷᠭᠠᠪᠠ᠃ | ᠡᠭᠦᠨ ᠠᠴᠠ ᠡᠮᠦᠨ᠎ᠡ ᠨᠢᠭᠡᠨᠲᠡ ᠨᠡᠶᠢᠲᠡᠯᠡᠭᠰᠡᠨ ᠡᠯ᠎ᠡ ᠲᠥᠷᠥᠯ ᠤᠨ ᠬᠦᠢᠲᠡᠨ ᠬᠡᠯᠬᠢᠶᠡᠲᠦ ᠡᠳ᠋ ᠪᠠᠷᠠᠭᠠᠨ ᠤ | ᠭᠦᠢᠯᠭᠡᠭᠡ ᠶᠢᠨ ᠤᠯᠤᠰ ᠪᠠ ᠣᠷᠣᠨ ᠨᠤᠲᠤᠭ ᠤᠨ ᠪᠠᠷᠢᠮᠵᠢᠶ᠎ᠠ ᠨᠡᠶᠢᠲᠡ 70 ᠭᠠᠷᠤᠶ ᠵᠦᠢᠯ ᠪᠠᠶᠢᠬᠤ ᠪᠣᠯᠪᠠᠴᠤ | ᠴᠠᠭᠠᠨ ᠢᠳᠡᠭᠡᠨ ᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠬᠠᠮᠢᠶ᠎ᠠ ᠪᠥᠬᠦᠶ ᠪᠠᠷᠢᠮᠵᠢᠶ᠎ᠠ ᠬᠠᠷᠠᠬᠠᠨ ᠥᠬᠡᠶ ᠪᠠᠶᠢᠵᠤ᠂ | ᠮᠠᠨ ᠤ ᠤᠷᠤᠨ ᠠᠴᠠ ᠨᠡᠶᠢᠲᠡᠯᠡᠨ ᠬᠡᠷᠡᠭᠵᠢᠬᠦᠯᠬᠦ ︽ᠴᠠᠭᠠᠨ ᠢᠳᠡᠭᠡᠨ ᠤ ᠬᠦᠢᠲᠡᠨ ᠬᠡᠯᠬᠢᠶᠡᠲᠦ ᠲᠡᠭᠡᠭᠡᠪᠦᠷᠢ ᠶᠢᠨ | ᠦᠢᠯᠡᠴᠢᠯᠡᠭᠡᠨ ᠤ ᠵᠢᠷᠤᠮᠵᠢᠯ︾ ᠨᠢ ᠬᠤᠯᠪᠣᠭᠳᠠᠯ ᠪᠥᠬᠦᠶ ᠵᠢᠷᠤᠮᠵᠢᠯ ᠤᠨ ᠬᠤᠭᠤᠰᠣᠨ ᠢ ᠨᠥᠬᠦᠪᠥᠷᠢᠯᠡᠭᠰᠡᠨ ᠪᠠᠶᠢᠨ᠎ᠠ᠃ | | ᠮᠠᠨ ᠤ ᠣᠷᠣᠨ ᠤ ᠲᠤᠰ ᠬᠤᠶᠠᠷ ᠵᠦᠢᠯ ᠤᠨ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠳᠠᠭᠠᠨ | ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠰᠠᠭᠤᠷᠢᠨ ᠤ ᠠᠵᠤ ᠦᠢᠯᠡᠰ ᠤᠨ ᠣᠨᠴᠠᠯᠢᠭ ᠲᠠᠢ ᠪᠠᠨ ᠭᠦᠨᠵᠡᠭᠡᠶ ᠤᠶᠠᠯᠳᠤᠭᠤᠯᠵᠤ᠂ ᠬᠦᠢᠲᠡᠨ ᠬᠡᠯᠬᠢᠶᠡᠲᠤ | ᠲᠡᠭᠡᠭᠡᠪᠦᠷᠢ ᠶᠢᠨ ᠨᠢᠭᠡᠳᠦᠯᠲᠡᠶ ᠮᠡᠷᠭᠡᠵᠢᠯ ᠤᠨ ᠱᠠᠭᠠᠷᠳᠠᠯᠭ᠎ᠠ᠂ ᠬᠠᠮᠢᠶᠠᠷᠤᠯᠲᠠ ᠶᠢᠨ ᠱᠠᠭᠠᠷᠳᠠᠯᠭ᠎ᠠ᠂ ᠠᠵᠢᠯᠯᠠᠬᠤ | ᠠᠷᠭ᠎ᠠ ᠪᠠ ᠮᠡᠳᠡᠭᠡ ᠵᠠᠩᠭᠢ ᠶᠢᠨ ᠮᠡᠷᠭᠡᠵᠢᠯ ᠵᠡᠷᠭᠡ ᠪᠠᠷᠢᠮᠵᠢᠶᠠᠵᠢᠭᠰᠠᠨ ᠠᠷᠭ᠎ᠠ ᠪᠠᠷᠢᠯ ᠢᠶᠠᠷ ᠳᠠᠮᠵᠢᠨ ︽ᠮᠢᠬᠠᠨ ᠤ | ᠵᠦᠢᠯ ᠴᠠᠭᠠᠨ ᠢᠳᠡᠭᠡᠨ︾ ᠤ ᠦᠢᠯᠡᠴᠢᠯᠡᠬᠦ ᠡᠲᠡᠭᠡᠳ ᠲᠤ ᠬᠦᠢᠲᠡᠨ ᠬᠡᠯᠬᠢᠶᠡᠲᠤ ᠲᠡᠭᠡᠭᠡᠪᠦᠷᠢ ᠶᠢᠨ ᠰᠢᠰᠲ᠋ᠧᠮ ᠤᠨ | ᠪᠠᠶᠢᠭᠤᠯᠤᠯᠲᠠ ᠶᠢ ᠵᠢᠷᠤᠮᠯᠠᠬᠤ ᠲᠦᠷᠢᠮ ᠲᠠᠢ ᠪᠠᠶᠢᠯᠭᠠᠬᠤ ᠶᠢ ᠪᠠᠲᠤᠯᠠᠵᠤ᠂ ᠮᠠᠨ ᠤ ᠣᠷᠣᠨ ᠤ ᠴᠠᠭᠠᠨ ᠢᠳᠡᠭᠡᠨ᠂ | ᠦᠬᠡᠷ ᠬᠤᠨᠢᠨ ᠮᠢᠬ᠎ᠠ ᠶᠢᠨ ᠬᠦᠢᠲᠡᠨ ᠬᠡᠯᠬᠢᠶᠡᠲᠤ ᠲᠡᠭᠡᠭᠡᠪᠦᠷᠢ ᠶᠢᠨ ᠠᠵᠢᠯ ᠤᠨ ᠠᠮᠤᠷ ᠲᠦᠪᠰᠢᠨ ᠢ ᠳᠡᠭᠡᠭᠰᠢᠯᠡᠭᠦᠯᠬᠦ᠂ | ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠬᠤ᠂ ᠵᠠᠬ᠎ᠠ ᠳᠡᠯᠭᠡᠭᠦᠷ ᠤᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠨᠭ᠍ᠭᠠᠪᠠ᠃ | |