ᠤᠯᠠᠭᠠᠨᠬᠤᠳᠠ — ᠴᠢᠩᠳᠤᠤ K958 ᠡᠭᠡᠯᠵᠢ ᠶᠢᠨ ᠭᠠᠯᠳᠦ ᠳᠡᠷᠭᠡ ᠠᠶᠠᠯᠠᠯ ᠨᠡᠪᠳᠡᠷᠡᠵᠡᠢ
ᠨᠡᠶᠢᠲᠡᠯᠡᠭᠰᠡᠨ ᠴᠠᠭ᠄
2024/6/19
       6 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨᠡᠬᠢ 11 ᠴᠠᠭ 39 ᠮᠢᠨᠦ᠋ᠲ ᠲᠤ ᠤᠯᠠᠭᠠᠨᠬᠤᠳᠠ — ᠴᠢᠩᠳᠤᠤ ᠶᠢᠨ ᠬᠤᠭᠤᠷᠤᠨᠳᠤᠬᠢ K958 ᠡᠭᠡᠯᠵᠢ ᠶᠢᠨ ᠭᠠᠯᠲᠤ ᠲᠡᠷᠭᠡ 270 ᠭᠠᠷᠤᠶ ᠠᠶᠠᠨᠴᠢᠳ ᠢᠶᠠᠨ ᠠᠴᠢᠵᠦ ᠤᠯᠠᠭᠠᠨᠬᠤᠳᠠ ᠶᠢᠨ ᠥᠷᠲᠡᠭᠡ ᠠᠴᠠ ᠴᠢᠩᠳᠣᠤ ᠶᠢᠨ ᠬᠤᠶᠢᠲᠤ ᠥᠷᠲᠡᠭᠡ ᠶᠢ ᠴᠢᠭᠯᠡᠵᠡᠢ᠃ ᠡᠨᠡ ᠨᠢ ᠬᠢᠩᠭᠠᠨ ᠠᠶᠢᠮᠠᠭ ᠤᠨ ᠴᠢᠨᠠᠷ ᠰᠠᠶᠢᠲᠠᠢ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠤᠨ ᠲᠡᠭᠦᠯᠳᠡᠷᠵᠢᠭᠰᠡᠨ ᠢ ᠬᠠᠷᠠᠭᠤᠯᠵᠤ᠂ ᠴᠢᠩᠳᠣᠤ ᠵᠢᠴᠢ ᠵᠠᠮ ᠳᠠᠭᠠᠤ ᠶᠢᠨ ᠬᠤᠳᠠ ᠯᠤᠭ᠎ᠠ ᠶᠢᠨ ᠵᠢᠭᠤᠯᠴᠢᠯᠠᠯ ᠤᠨ ᠬᠠᠮᠲᠤᠷᠠᠯᠴᠠᠭ᠎ᠠ᠂ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠪᠣᠯᠤᠨ ᠰᠣᠶᠣᠯ ᠢᠷᠭᠡᠨᠰᠢᠯ ᠤᠨ ᠬᠠᠷᠢᠯᠴᠠᠭ᠎ᠠ ᠶᠢᠨ ᠰᠢᠨ᠎ᠡ ᠵᠠᠮ ᠢ ᠨᠡᠪᠲᠡᠷᠡᠭᠦᠯᠵᠦ᠂ ᠬᠢᠩᠭᠠᠨ ᠠᠶᠢᠮᠠᠭ ᠤᠨ ᠪᠦᠸᠧᠬᠠᠢ ᠲᠠᠩᠭᠢᠰ ᠢ ᠲᠣᠭᠤᠷᠢᠭᠰᠠᠨ ᠠᠵᠤ ᠠᠬᠤᠢ ᠶᠢᠨ ᠣᠷᠣᠨ ᠳᠤ ᠴᠢᠨᠠᠭᠰᠢᠳᠠ ᠠᠭᠤᠰᠤᠯᠴᠠᠬᠤ ᠳᠤ ᠰᠠᠭᠤᠷᠢ ᠲᠠᠯᠪᠢᠵᠤ᠂ ᠲᠠᠯ᠎ᠠ ᠨᠤᠲᠤᠭ ᠪᠣᠯᠤᠨ ᠲᠠᠯᠠᠢ ᠲᠠᠩᠭᠢᠰ ᠤᠨ ︽ᠬᠤᠣᠰ ᠴᠢᠭᠯᠡᠯ ᠢᠶᠠᠷ ᠤᠷᠤᠭᠰᠢᠯᠠᠬᠤ︾ ᠶᠢ ᠪᠡᠶᠡᠯᠡᠭᠦᠯᠦᠭᠰᠡᠨ ᠪᠠᠶᠢᠨ᠎ᠠ᠃      ︽K958 ᠡᠭᠡᠯᠵᠢ ᠶᠢᠨ ᠭᠠᠯᠲᠤ ᠲᠡᠷᠭᠡ ᠦᠳᠡ ᠶᠢᠨ ᠡᠮᠦᠨᠡᠬᠢ 11 ᠴᠠᠭ 39 ᠮᠢᠨᠦ᠋ᠲ ᠲᠤ ᠤᠯᠠᠭᠠᠨᠬᠤᠲᠠ ᠠᠴᠠ ᠮᠣᠷᠳᠠᠵᠤ᠂ ᠪᠠᠢ ᠴᠧᠩ᠂ ᠲᠦᠩᠯᠢᠶᠣᠤ᠂ ᠱᠧᠨᠶᠠᠩ᠂ ᠲᠢᠶᠠᠨᠵᠢᠨ ᠵᠡᠷᠭᠡ 21 ᠳᠡᠮᠦᠷ ᠵᠠᠮ ᠤᠨ ᠦᠷᠲᠡᠭᠡ ᠶᠢ ᠥᠩᠭᠡᠷᠡᠨ᠂ ᠬᠤᠶᠠᠳᠤᠭᠠᠷ ᠡᠳᠦᠷ ᠤᠨ 15 ᠴᠠᠭ 21 ᠮᠢᠨᠦ᠋ᠲ ᠲᠤ ᠴᠢᠩᠳᠣᠤ ᠶᠢᠨ ᠬᠤᠶᠢᠲᠤ ᠦᠷᠲᠡᠭᠡ ᠳᠤ ᠬᠦᠷᠴᠡᠢ᠃ ᠰᠠᠭᠤᠳᠠᠯ ᠤᠨ ᠪᠢᠯᠧᠲ ᠤᠨ ᠦᠨ᠎ᠡ ᠨᠢ ᠲᠤᠰ ᠲᠤᠰ 236 ᠲᠥᠭᠦᠷᠢᠭ᠂ 399 ᠲᠥᠭᠦᠷᠢᠭ᠂ 629 ᠲᠥᠭᠦᠷᠢᠭ ᠪᠣᠯᠤᠨ᠎ᠠ︾ ᠭᠡᠵᠦ ᠳᠤᠮᠳᠠᠳᠤ ᠤᠯᠤᠰ ᠤᠨ ᠲᠡᠮᠦᠷ ᠵᠠᠮ ᠤᠨ ᠱᠧᠨᠶᠠᠩ ᠤᠨ ᠳᠤᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠪᠠᠢ ᠴᠧᠩ ᠤᠨ ᠮᠠᠰᠢᠨ ᠲᠡᠷᠭᠡᠨ ᠤ ᠶᠠᠪᠤᠳᠠᠯ ᠤᠨ ᠬᠡᠰᠡᠭ ᠤᠨ ᠳᠠᠷᠤᠭ᠎ᠠ ᠢᠦᠢ ᠭᠠᠩ ᠲᠠᠨᠢᠯᠴᠠᠭᠤᠯᠵᠦ ᠪᠠᠶᠢᠯ᠎ᠠ᠃      ︽ᠥᠩᠭᠡᠷᠡᠭᠰᠡᠨ ᠳᠤ ᠠᠪᠤ ᠡᠵᠢ ᠪᠠᠨ ᠳᠠᠭᠠᠭᠤᠯᠤᠨ ᠴᠢᠩᠳᠣᠤ ᠳᠤ ᠨᠠᠭᠠᠳᠤᠨ ᠵᠢᠭᠤᠯᠴᠢᠯᠠᠶ᠎ᠠ ᠭᠡᠵᠦ ᠪᠤᠳᠤᠬᠰᠠᠨ ᠴᠤ ᠠᠪᠤ ᠡᠵᠢ ᠨᠠᠰᠤ ᠠᠬᠢᠭᠰᠠᠨ ᠠᠴᠠ ᠵᠠᠮ ᠳᠠᠭᠠᠤ ᠳᠡᠷᠭᠡ ᠰᠤᠯᠢᠨ ᠰᠠᠭᠤᠬᠤ ᠳᠤ ᠶᠠᠳᠠᠷᠠᠭ᠎ᠠ ᠶᠡᠬᠡᠳᠡᠢ ᠶᠢ ᠪᠤᠳᠤᠯᠬᠢᠯᠠᠨ ᠶᠡᠷᠦ ᠪᠡᠶᠡᠯᠡᠭᠳᠡᠵᠦ ᠲᠡᠶᠢᠯᠦᠭᠰᠡᠨ ᠦᠭᠡᠶ᠂ ᠣᠳᠣ K958 ᠡᠭᠡᠯᠵᠢ ᠶᠢᠨ ᠭᠠᠯᠲᠤ ᠲᠡᠷᠭᠡᠨ ᠳᠤ ᠰᠠᠭᠤᠪᠠᠯ ᠴᠢᠩᠳᠣᠤ ᠳᠤ ᠰᠢᠭᠤᠳ ᠬᠦᠷᠴᠢᠬᠡᠬᠦ ᠪᠤᠯᠬᠤᠷ ᠠᠪᠤ ᠡᠵᠢ ᠪᠠᠨ ᠳᠠᠭᠠᠭᠤᠯᠤᠨ ᠵᠢᠭᠤᠯᠴᠢᠯᠠᠬᠤ ᠪᠠᠷ ᠭᠠᠷᠴᠦ ᠢᠷᠡᠯ᠎ᠠ᠂ ᠦᠨᠡᠭᠡᠷ ᠮᠠᠰᠢ ᠳᠥᠭᠦᠮ ᠪᠤᠯᠵᠠᠢ︾ ᠭᠡᠵᠦ ᠤᠯᠠᠭᠠᠨᠬᠤᠲᠠ ᠶᠢᠨ ᠠᠷᠠᠳ ᠸᠠᠩ ᠬᠠᠢ ᠨᠠ ᠢᠨᠢᠶᠡᠮᠰᠦᠭᠯᠡᠨ ᠬᠡᠯᠡᠪᠡ᠃      ᠬᠢᠩᠭᠠᠨ ᠠᠶᠢᠮᠠᠭ ᠪᠤᠯ ᠠᠮᠢ ᠠᠬᠤᠢ ᠣᠷᠴᠢᠨ ᠲᠣᠭᠤᠷᠢᠨ ᠡᠳᠡᠭᠡᠤᠨ ᠭᠤᠶᠤ᠂ ᠵᠢᠭᠤᠯᠴᠢᠯᠠᠯ ᠤᠨ ᠡᠬᠢ ᠪᠠᠶᠠᠯᠢᠭ ᠡᠯᠪᠡᠭ ᠳᠡᠯᠪᠡᠭ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠶᠢᠮᠠᠭ ᠪᠠ ᠪᠦᠬᠦ ᠤᠯᠤᠰ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠦᠢ ᠠᠯᠳᠠ ᠮᠥᠩᠭᠦᠨ ᠠᠭᠤᠯᠠ ᠮᠦᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠪᠣᠯᠤᠨ᠎ᠠ᠃ ᠱᠠᠨᠳᠦ᠋ᠩ ᠮᠤᠵᠢ ᠶᠢᠨ ᠴᠢᠩᠳᠣᠤ ᠬᠤᠳᠠ ᠪᠣᠯ ᠪᠦᠬᠦ ᠤᠯᠤᠰ ᠤᠨ ᠠᠩᠬᠠᠳᠠᠭᠴᠢ ᠪᠦᠯᠦᠭ ᠲᠠᠯᠠᠢ ᠳᠠᠭᠠᠤ ᠶᠢᠨ ᠨᠡᠭᠡᠭᠡᠯᠲᠡᠲᠦ ᠬᠤᠳᠠ᠂ ᠤᠯᠤᠰ ᠤᠨ ᠴᠡᠴᠡᠷᠯᠢᠭᠵᠢᠭᠰᠡᠨ ᠬᠤᠳᠠ ᠪᠣᠯᠤᠨ᠎ᠠ᠃ ᠣᠶᠢᠷ᠎ᠠ ᠶᠢᠨ ᠵᠢᠯ ᠤᠳ ᠠᠴᠠ ᠨᠠᠭᠠᠰᠢ᠂ ᠳᠤᠮᠳᠠᠳᠤ ᠤᠯᠤᠰ ᠤᠨ ᠲᠡᠮᠦᠷ ᠵᠠᠮ ᠤᠨ ᠱᠧᠨᠶᠠᠩ ᠤᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠠᠶᠠᠨᠴᠢᠳ ᠤᠨ ᠲᠡᠭᠡᠭᠡᠪᠦᠷᠢ ᠶᠢᠨ ᠦᠢᠯᠡᠳᠬᠦᠨ ᠤ ᠪᠦᠲᠦᠴᠡ ᠪᠠᠨ ᠲᠠᠰᠤᠷᠠᠯᠲᠠ ᠥᠬᠡᠶ ᠰᠢᠯᠢᠳᠡᠭᠵᠢᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠦ ᠠᠬᠤᠢ ᠨᠡᠶᠢᠭᠡᠮ ᠤᠨ ᠬᠦᠭᠵᠢᠯᠳᠡ ᠳᠤ ᠪᠦᠬᠦ ᠳᠠᠯ᠎ᠠ ᠪᠠᠷ ᠬᠦᠴᠦᠨ ᠨᠡᠮᠡᠷᠢᠯᠡᠵᠡᠢ᠃      ︽ᠰᠢᠨ᠎ᠡ ᠡᠭᠡᠯᠵᠢ ᠶᠢᠨ ᠠᠶᠠᠨᠴᠢᠳ ᠤᠨ ᠭᠠᠯᠲᠤ ᠲᠡᠷᠭᠡ ᠬᠢᠨᠭ᠍ᠭᠠᠨ ᠳᠠᠪᠠᠭᠠᠨ ᠳᠠᠬᠢ ᠬᠢᠩᠭᠠᠨ ᠠᠶᠢᠮᠠᠭ ᠪᠣᠯᠤᠨ ᠲᠠᠯᠠᠢ ᠶᠢᠨ ᠬᠥᠪᠡᠭᠡᠨ ᠳᠠᠬᠢ ᠴᠢᠩᠳᠣᠤ ᠲᠠᠢ ᠬᠤᠯᠪᠣᠭᠠᠯᠠᠵᠤ᠂ ᠠᠯᠢ ᠤᠯᠠᠨ ᠰᠢᠯᠢᠳᠡᠭ ᠵᠢᠭᠤᠯᠴᠢᠯᠠᠯ ᠤᠨ ᠱᠤᠭᠤᠮ ᠢ ᠨᠡᠭᠡᠭᠡᠨ ᠬᠥᠭᠵᠢᠭᠦᠯᠵᠦ᠂ ᠵᠠᠮ ᠳᠠᠭᠠᠤ ᠶᠢᠨ ᠰᠣᠶᠣᠯ ᠵᠢᠭᠤᠯᠴᠢᠯᠠᠯ ᠤᠨ ᠰᠣᠯᠢᠯᠴᠠᠭ᠎ᠠ ᠶᠢ ᠲᠠᠶᠢᠴᠢᠯᠠᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ︾ ᠭᠡᠵᠦ ᠬᠢᠩᠭᠠᠨ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠰᠠᠯᠠᠭᠠᠨ ᠳᠠᠷᠤᠭ᠎ᠠ ᠸᠠᠩ ᠬᠠᠢ ᠬᠡᠯᠡᠪᠡ᠃ ︵ᠯᠢ ᠵᠢᠶᠠᠨ ᠫᠢᠡᠭ  ᠤᠭ᠍ᠶᠦ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号