ᠪᠥᠬᠦ ᠣᠷᠣᠨ ᠤ ᠠᠩᠬᠠᠳᠠᠭᠴᠢ ᠬᠦᠰᠡᠯ ᠵᠢᠵᠢᠭ ᠪᠠᠯᠭᠠᠰᠤ ᠪᠠᠷᠢᠯᠭ᠎ᠠ ᠡᠬᠢᠯᠡᠪᠡ
ᠨᠡᠶᠢᠲᠡᠯᠡᠭᠰᠡᠨ ᠴᠠᠭ᠄
2024/6/20
     ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ  ᠶᠢᠨ ᠲᠢᠩᠬᠢᠮ ᠠᠴᠠ ᠤᠶᠢᠯᠠᠭᠠᠭᠰᠠᠨ ᠢᠶᠠᠷ᠂ ᠪᠥᠬᠦ ᠣᠷᠣᠨ ᠤ ᠠᠩᠬᠠᠳᠠᠭᠴᠢ ᠬᠤᠸᠠ ᠷᠦᠨ ᠬᠦᠰᠡᠯ ᠵᠢᠵᠢᠭ ᠪᠠᠯᠭᠠᠰᠤ — ᠷᠠᠰᠢᠶᠠᠨ ᠤ ᠬᠤᠸᠠ ᠷᠦᠨ ᠬᠦᠰᠡᠯ ᠵᠢᠵᠢᠭ ᠪᠠᠯᠭᠠᠰᠤ ᠶᠢ ᠵᠢᠩᠬᠢᠨᠢ ᠪᠠᠷ ᠪᠦᠲᠦᠭᠡᠨ ᠪᠠᠶᠢᠭᠤᠯᠵᠤ ᠡᠬᠢᠯᠡᠪᠡ᠃      ᠤᠶᠢᠯᠠᠭᠠᠭᠰᠠᠨ ᠢᠶᠠᠷ᠂ ᠲᠤᠰ ᠲᠦᠷᠦᠯ ᠵᠦᠢᠯ ᠨᠢ ᠦᠵᠡᠰᠭᠦᠯᠡᠩᠲᠦ ᠰᠠᠶᠢᠬᠠᠨ ᠪᠠᠶᠠᠯᠢᠭ ᠪᠠᠯᠭᠠᠰᠤᠨ ᠳᠤ ᠪᠠᠶᠢᠷᠢᠯᠠᠵᠤ᠂ ᠬᠤᠸᠠ ᠷᠦᠨ ᠪᠦᠯᠦᠭᠯᠡᠯ ᠤᠨ ᠪᠦᠬᠦ ᠤᠯᠤᠰ ᠤᠨ ᠠᠩᠬᠠᠳᠠᠭᠴᠢ ᠬᠠᠯᠠᠭᠤᠨ ᠷᠠᠰᠢᠶᠠᠨ ᠤ ᠵᠢᠭᠤᠯᠴᠢᠯᠠᠯ  ᠢᠶᠠᠷ ᠭᠤᠣᠯ ᠰᠡᠳᠦᠪ ᠪᠣᠯᠭᠠᠭᠰᠠᠨ ᠬᠦᠰᠡᠯ ᠪᠠᠯᠭᠠᠰᠤᠨ ᠤ ᠲᠦᠷᠦᠯ ᠵᠦᠢᠯ ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 1.59 ᠳ᠋ᠦᠩᠰᠢᠭᠤᠷ ᠲᠥᠭᠦᠷᠢᠭ ᠪᠠᠶᠢᠵᠤ᠂ ᠭᠤᠣᠯᠳᠠᠭᠤ ᠬᠠᠯᠠᠭᠤᠨ ᠷᠠᠰᠢᠶᠠᠨ ᠤ ᠠᠮᠠᠷᠠᠯᠲᠠ   ᠶᠢᠨ ᠪᠠᠭᠤᠳᠠᠯ᠂ ᠰᠠᠭᠤᠭᠠᠯᠢ ᠠᠷᠠᠳ ᠤᠨ ᠣᠷᠣᠨ ᠰᠠᠭᠤᠴᠠ ᠶᠢ ᠥᠭᠡᠷᠡᠴᠢᠯᠡᠨ ᠲᠡᠰ ᠲᠡᠪᠰᠢᠬᠦᠯᠬᠦ ᠵᠢᠴᠢ ᠬᠥᠮᠦᠰ ᠤᠨ ᠣᠷᠣᠰᠢᠨ ᠰᠠᠭᠤᠷᠢᠰᠬᠤ ᠣᠷᠴᠢᠨ ᠨᠦᠬᠦᠴᠡᠯ ᠢ ᠰᠠᠶᠢᠵᠢᠷᠠᠭᠤᠯᠬᠤ ᠵᠡᠷᠭᠡ ᠢᠨᠵᠧᠨᠧᠷᠢᠩ ᠢ ᠪᠠᠭᠲᠠᠭᠠᠪᠠ᠃ ᠡᠨᠡ ᠬᠦ ᠲᠦᠷᠦᠯ ᠵᠦᠢᠯ ᠢ ᠬᠡᠷᠡᠭᠵᠢᠭᠦᠯᠬᠦ ᠨᠢ ᠷᠠᠰᠢᠶᠠᠨ ᠤ ᠬᠠᠯᠠᠭᠤᠨ ᠷᠠᠰᠢᠶᠠᠨ ᠵᠢᠭᠤᠯᠴᠢᠯᠠᠯ ᠰᠡᠯᠡᠭᠦᠴᠡᠯ ᠤᠨ ᠡᠵᠡᠩᠨᠡᠯᠲᠡ ᠶᠢᠨ ᠬᠡᠯᠪᠡᠷᠢ ᠶᠢᠨ ᠬᠤᠭᠤᠰᠣᠨ ᠢ ᠪᠦᠲᠦᠮᠵᠢᠲᠡᠶ ᠨᠥᠬᠦᠪᠥᠷᠢᠯᠡᠵᠦ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠠᠶᠢᠴᠢᠯᠠᠨ᠂ ᠷᠠᠰᠢᠶᠠᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠨᠡᠷ᠎ᠡ ᠠᠯᠳᠠᠷᠰᠢᠯ ᠪᠠ ᠨᠥᠯᠥᠭᠡᠯᠡᠬᠦ ᠬᠦᠴᠦᠨ ᠢ ᠶᠡᠭᠡ ᠪᠠᠷ ᠳᠡᠭᠡᠭᠰᠢᠯᠡᠭᠦᠯᠵᠦ᠂ ᠷᠠᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ᠂ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ᠂ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠣᠷᠣᠨ ᠤ ᠠᠭᠤᠯᠤᠭᠳᠠᠬᠤᠨ ᠢ ᠪᠠᠶᠠᠯᠢᠭᠵᠢᠭᠤᠯᠬᠤ ᠳᠤ ᠴᠢᠬᠤᠯᠠ ᠠᠬᠢᠭᠤᠯᠬᠤ ᠦᠢᠯᠡᠳᠦᠯ ᠲᠠᠢ ᠶᠤᠮ᠃      ᠷᠠᠰᠢᠶᠠᠨ ᠤ ᠬᠤᠸᠠ ᠷᠦᠨ ᠬᠦᠰᠡᠯ ᠵᠢᠵᠢᠭ ᠪᠠᠯᠭᠠᠰᠤ ︽ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ᠂ ᠵᠣᠬᠢᠶᠠᠨ ᠪᠠᠶᠢᠭᠤᠯᠤᠯᠲᠠ ᠶᠢ ᠳᠠᠬᠢᠨ ᠪᠠᠶᠢᠭᠤᠯᠬᠤ᠂ ᠵᠣᠷᠢᠭ ᠰᠠᠨᠠᠭ᠎ᠠ ᠶᠢ ᠳᠠᠬᠢᠨ ᠱᠤᠭᠤᠬᠤ︾ ᠶᠡᠷᠦᠩᠬᠡᠶ ᠲᠥᠯᠥᠪᠵᠢᠭᠦᠯᠭᠡ ᠶᠢᠨ ᠣᠶᠢᠯᠠᠭᠠᠭᠳᠠᠬᠤᠨ ᠶᠣᠰᠣᠭᠠᠷ᠂ ᠲᠤᠬᠠᠶ ᠶᠢᠨ ᠭᠠᠵᠠᠷ ᠤᠨ ᠣᠶ ᠰᠢᠭᠤᠶ ᠶᠢᠨ ᠵᠠᠩ ᠦᠢᠯᠡ ᠶᠢᠨ ᠰᠣᠶᠣᠯ᠂ ᠤᠨᠴᠠᠯᠢᠭᠳᠤ ᠳᠠᠷᠢᠵᠤ ᠲᠡᠵᠢᠭᠡᠬᠦ ᠦᠢᠯᠡᠰ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠵᠡᠷᠭᠡ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠦᠭᠰᠡᠨ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠥᠯᠢᠭᠡᠷ ᠳᠠᠭᠤᠷᠢᠶᠠᠯ ᠢ ᠪᠣᠶ ᠪᠣᠯᠭᠠᠬᠤ ᠪᠠᠷ ᠬᠠᠷᠠᠯᠲᠠ ᠪᠣᠯᠭᠠᠵᠤ᠂ ᠣᠷᠣᠨ ᠨᠤᠲᠤᠭ ᠠᠵᠤ ᠠᠬᠤᠶᠢᠯᠠᠯ ᠬᠠᠮᠵᠢᠯᠴᠠᠬᠤ᠂ ᠬᠦᠴᠦ ᠪᠠᠨ ᠬᠠᠮᠲᠤᠳᠬᠠᠬᠤ ᠶᠢ ᠪᠠᠷᠢᠮᠲᠠᠯᠠᠨ᠂ ᠡᠬᠢ ᠪᠠᠶᠠᠯᠢᠭ ᠪᠠ ᠬᠦᠴᠦᠨ ᠢᠶᠠᠨ ᠲᠥᠪᠯᠡᠷᠡᠭᠦᠯᠦᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠡᠷᠲᠡ ᠪᠠᠶᠢᠭᠤᠯᠵᠤ ᠡᠷᠲᠡ ᠠᠵᠢᠯᠯᠠᠭᠤᠯᠬᠤ ᠪᠠᠷ ᠬᠦᠴᠦᠯᠡᠨ ᠴᠢᠷᠮᠠᠶᠢᠵᠤ᠂ ᠷᠠᠰᠢᠶᠠᠨ ᠤ ᠬᠤᠸᠠ ᠷᠦᠨ ᠬᠦᠰᠡᠯ ᠵᠢᠵᠢᠭ ᠪᠠᠯᠭᠠᠰᠤ ᠶᠢ ᠦᠪᠡᠷᠮᠢᠴᠡ ᠤᠨᠴᠠᠯᠢᠭ ᠲᠠᠢ ᠳᠠᠪᠠᠭᠤᠯᠢᠭᠲᠦ᠂ ᠠᠵᠤ ᠦᠢᠯᠡᠰ ᠠᠭᠤᠰᠤᠯᠴᠠᠭᠰᠠᠨ ᠰᠣᠳᠣᠨ ᠲᠥᠷᠥᠯ ᠵᠦᠢᠯ ᠪᠣᠯᠭᠠᠨ ᠪᠥᠲᠥᠭᠡᠨ ᠪᠠᠶᠢᠭᠤᠯᠬᠤ ᠪᠤᠯᠤᠨ᠎ᠠ᠃
 
ᠢᠷᠡᠯᠲᠡ᠄ ᠦᠪᠣᠷ ᠮᠣᠩᠭᠤᠯ ᠤᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号