ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠤᠯᠠᠨ ᠴᠦᠬᠡᠨ ᠨᠢ ᠲᠦᠭ ᠲᠦᠮᠡᠨ ᠨᠠᠰᠤᠲᠠᠶᠢᠴᠤᠳ ᠤᠨ | ᠠᠮᠢᠳᠤᠷᠠᠯ ᠤᠨ ᠴᠢᠨᠠᠷ ᠴᠢᠨᠰᠠᠭ᠎ᠠ ᠲᠠᠢ ᠬᠤᠯᠪᠣᠭᠳᠠᠨ᠎ᠠ᠃ | ︽ᠥᠲᠡᠯᠪᠡᠯ ᠭᠥᠷᠳᠡᠬᠦ ᠠᠰᠠᠷᠠᠮᠵᠢ ᠲᠠᠢ ᠪᠠᠶᠢᠬᠤ︾ ᠶᠢ ᠨᠠᠩ ᠰᠠᠶᠢᠳᠤᠷ ᠪᠠᠲᠤᠯᠠᠬᠤ ᠶᠢᠨ ᠲᠥᠯᠥᠭᠡ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ | 17 ᠤ ᠡᠳᠦᠷ ᠮᠡᠳᠡᠭᠳᠡᠯ ᠨᠡᠶᠢᠲᠡᠯᠡᠵᠦ᠂ 2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ 2023 | ᠣᠨ ᠤ ᠡᠴᠦᠰ ᠠᠴᠠ ᠡᠮᠦᠨ᠎ᠡ ᠨᠢᠭᠡᠨᠲᠡ ᠠᠵᠢᠯ ᠠᠴᠠ ᠪᠠᠨ ᠠᠮᠠᠷᠠᠭᠰᠠᠨ ᠬᠥᠮᠦᠰ ᠤᠨ ᠲᠡᠭᠰᠢᠳᠬᠡᠭᠰᠡᠨ ᠨᠠᠰᠤᠵᠢᠯ ᠤᠨ | ᠠᠰᠠᠷᠠᠮᠵᠢ ᠶᠢᠨ ᠮᠥᠩᠭᠦ ᠶᠢ 3% ᠪᠠᠷ ᠳᠡᠭᠡᠭᠰᠢᠯᠡᠭᠦᠯᠦᠨ᠎ᠡ ᠭᠡᠵᠦ ᠲᠤᠳᠤᠷᠬᠠᠶᠢᠯᠠᠪᠠ᠃ | ᠠᠩᠬᠠᠷᠤᠭᠤᠰᠢᠲᠠᠶ ᠨᠢ᠂ ᠡᠨᠡ ᠬᠦ 3% ᠨᠢ ᠪᠥᠬᠦ ᠤᠯᠤᠰ ᠤᠨ ᠶᠡᠷᠦᠩᠬᠡᠶ ᠲᠣᠬᠢᠷᠠᠭᠤᠯᠤᠯᠲᠠ ᠶᠢᠨ ᠲᠦᠪᠰᠢᠨ | ᠪᠣᠯᠤᠨ᠎ᠠ᠂ ᠲᠤᠬᠠᠶᠢᠯᠠᠪᠠᠯ ︽ᠲᠣᠮᠣ ᠲᠠᠩᠰᠠ︾ ᠨᠢ 2023 ᠣᠨ ᠤ ᠪᠥᠬᠦ ᠠᠵᠢᠯ ᠠᠴᠠ ᠪᠠᠨ ᠠᠮᠠᠷᠠᠭᠰᠠᠳ ᠤᠨ | ᠬᠥᠮᠦᠨ ᠪᠦᠷᠢ ᠶᠢᠨ ᠰᠠᠷ᠎ᠠ ᠶᠢᠨ ᠳᠤᠮᠳᠠᠴᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ 3% | ᠪᠣᠯᠤᠨ᠎ᠠ᠃ ᠭᠡᠪᠡᠴᠦ ︽ᠵᠢᠵᠢᠭ ᠲᠠᠩᠰᠠ︾ ᠶᠢ ᠪᠤᠳᠤᠪᠠᠯ ᠬᠥᠮᠦᠨ ᠪᠦᠬᠦᠨ ᠴᠥᠮ 3% ᠶᠢᠨ ᠥᠰᠥᠯᠲᠡ ᠶᠢᠨ | ᠬᠡᠮᠵᠢᠶ᠎ᠡ ᠪᠠᠷ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠨᠡᠮᠡᠵᠦ ᠤᠯᠬᠤ ᠪᠢᠰᠢ ᠶᠤᠮ᠃ | ᠡᠷᠬᠡ ᠰᠦᠷᠲᠦ ᠵᠢᠱᠢᠯᠲᠡ ᠶᠢ ᠦᠨᠳᠦᠰᠦᠯᠡᠪᠡᠯ᠂ ᠡᠨᠡ ᠬᠦ ᠠᠷᠭ᠎ᠠ ᠬᠡᠮᠵᠢᠶ᠎ᠡ ᠨᠢ ᠵᠢᠱᠢᠯᠲᠡ ᠪᠠᠷ ᠠᠵᠤ | ᠠᠬᠤᠶᠢᠯᠠᠯ ᠪᠠ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ 1.4 ᠳ᠋ᠦᠩᠰᠢᠭᠤᠷ ᠣᠷᠴᠢᠮ ᠤᠨ ᠠᠵᠢᠯ ᠠᠴᠠ ᠪᠠᠨ | ᠠᠮᠠᠷᠠᠭᠰᠠᠳ ᠲᠤ ᠠᠰᠢᠭ ᠬᠦᠷᠳᠡᠭᠡᠨ᠎ᠡ᠃ | ᠬᠤᠪᠢ ᠬᠥᠮᠦᠨ ᠳᠤ ᠪᠤᠳᠠᠳᠠᠶᠢᠵᠢᠭᠤᠯᠪᠠᠯ ᠴᠤᠬᠤᠮ ᠬᠡᠳᠦᠶ ᠥᠰᠭᠦ ᠪᠤᠢ᠂ ᠶᠠᠭᠠᠬᠢᠵᠤ ᠪᠣᠳᠣᠬᠤ ᠪᠤᠢ︖ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠵᠤᠷᠭᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ᠂ ᠨᠣᠷᠮ᠎ᠠ ᠲᠣᠭᠲᠠᠭᠠᠨ ᠲᠣᠬᠢᠷᠠᠭᠤᠯᠬᠤ᠂ | ᠬᠤᠯᠪᠣᠭᠳᠠᠭᠤᠯᠤᠨ ᠲᠣᠬᠢᠷᠠᠭᠤᠯᠬᠤ ᠪᠠ ᠵᠣᠬᠢᠰᠲᠠᠶ ᠬᠡᠯᠪᠠᠶᠢᠯᠭᠡᠬᠦ ᠶᠢ ᠤᠶᠠᠯᠳᠤᠭᠤᠯᠬᠤ ᠠᠷᠭ᠎ᠠ ᠪᠠᠷ ᠲᠣᠬᠢᠷᠠᠭᠤᠯᠤᠯᠲᠠ | ᠬᠢᠵᠡᠢ ᠭᠡᠵᠦ ᠳᠠᠨᠢᠯᠴᠠᠭᠤᠯᠪᠠ᠃ | ᠨᠣᠷᠮ᠎ᠠ ᠲᠣᠭᠲᠠᠭᠠᠨ ᠲᠣᠬᠢᠷᠠᠭᠤᠯᠬᠤ ᠨᠢ ᠨᠡᠶᠢᠭᠡᠮ ᠤᠨ ᠲᠥᠪ ᠭᠤᠤᠯᠴᠢ ᠶᠢ ᠢᠯᠡᠷᠡᠭᠦᠯᠵᠦ᠂ ᠠᠳᠠᠯᠢ ᠨᠢᠭᠡᠨ | ᠭᠠᠵᠠᠷ ᠣᠷᠣᠨ ᠤ ᠡᠯ᠎ᠡ ᠲᠥᠷᠥᠯ ᠤᠨ ᠠᠵᠢᠯ ᠠᠴᠠ ᠪᠠᠨ ᠠᠮᠠᠷᠠᠭᠰᠠᠳ ᠲᠤ ᠴᠥᠮ ᠠᠳᠠᠯᠢ ᠬᠡᠮᠵᠢᠶ᠎ᠡ ᠪᠠᠷ | ᠵᠣᠭᠤᠰ ᠤᠨ ᠲᠤᠭ᠎ᠠ ᠶᠢ ᠥᠰᠭᠡᠨ᠎ᠡ᠃ ᠥᠩᠭᠡᠷᠡᠭᠰᠡᠨ ᠬᠤᠶᠠᠷ ᠵᠢᠯ ᠤᠨ ᠪᠠᠶᠢᠳᠠᠯ ᠢ ᠦᠨᠳᠦᠰᠦᠯᠡᠪᠡᠯ᠂ ᠡᠯ᠎ᠡ | ᠮᠤᠵᠢ ᠶᠢᠨ ᠨᠣᠷᠮ᠎ᠠ ᠲᠣᠭᠲᠠᠭᠠᠨ ᠳᠡᠭᠡᠭᠰᠢᠯᠡᠭᠦᠯᠦᠭᠰᠡᠨ ᠵᠣᠭᠤᠰ ᠤᠨ ᠲᠤᠭ᠎ᠠ ᠨᠢ ᠦᠨᠳᠦᠰᠦᠨ ᠳᠡᠭᠡᠨ ᠰᠠᠷ᠎ᠠ | ᠪᠦᠷᠢ ᠶᠢᠨ ᠬᠡᠳᠦᠨ ᠠᠷᠪᠠᠨ ᠲᠥᠭᠦᠷᠢᠭ ᠤᠨ ᠲᠦᠪᠰᠢᠨ ᠳᠤ ᠬᠦᠷᠴᠡᠶ᠃ | ᠬᠤᠯᠪᠣᠭᠳᠠᠭᠤᠯᠤᠨ ᠲᠣᠬᠢᠷᠠᠭᠤᠯᠬᠤ ᠨᠢ ︽ᠢᠯᠡᠭᠦᠦ ᠲᠤᠰᠢᠶᠠᠪᠠᠯ ᠢᠯᠡᠭᠦᠦ ᠤᠯᠬᠤ︾᠂ ︽ᠣᠷᠳᠣ | ᠬᠤᠭᠤᠴᠠᠭ᠎ᠠ ᠲᠤᠰᠢᠶᠠᠪᠠᠯ ᠢᠯᠡᠭᠦᠦ ᠤᠯᠬᠤ︾ ᠶᠢ ᠢᠯᠡᠷᠡᠭᠦᠯᠵᠦ᠂ ᠠᠵᠢᠯ ᠠᠴᠠ ᠪᠠᠨ ᠠᠮᠠᠷᠠᠭᠰᠠᠨ ᠬᠤᠪᠢ | ᠬᠥᠮᠦᠨ ᠤ ᠰᠦᠢᠳᠭᠡᠯ ᠲᠤᠰᠢᠶᠠᠭᠰᠠᠨ ᠵᠢᠯ ᠬᠤᠭᠤᠴᠠᠭ᠎ᠠ ᠪᠤᠶᠤ ᠠᠵᠢᠯᠯᠠᠭᠰᠠᠨ ᠵᠢᠯ ᠬᠤᠭᠤᠴᠠᠭ᠎ᠠ᠂ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠦᠪᠰᠢᠨ ᠢᠶᠠᠷ ᠲᠣᠭᠲᠠᠭᠠᠨ᠎ᠠ᠃ | ᠵᠣᠬᠢᠰᠲᠠᠶ ᠬᠡᠯᠪᠠᠶᠢᠯᠭᠡᠬᠦ ᠨᠢ ᠭᠤᠤᠯᠳᠠᠯᠭ᠎ᠠ ᠲᠠᠢ ᠬᠠᠯᠠᠮᠵᠢᠯᠠᠯ ᠢ ᠢᠯᠡᠷᠡᠭᠦᠯᠵᠦ᠂ ᠭᠤᠤᠯᠳᠠᠭᠤ ᠥᠨᠳᠥᠷ | ᠨᠠᠰᠤᠲᠠᠶ ᠠᠵᠢᠯ ᠠᠴᠠ ᠪᠠᠨ ᠠᠮᠠᠷᠠᠭᠰᠠᠳ ᠪᠠ ᠬᠠᠲᠠᠭᠤ ᠪᠡᠷᠬᠡᠰᠢᠶᠡᠯᠲᠡᠶ ᠵᠠᠬ᠎ᠠ ᠬᠢᠵᠠᠭᠠᠷ ᠣᠷᠣᠨ ᠳᠤ ᠠᠵᠢᠯᠯᠠᠵᠤ | ᠪᠠᠶᠢᠬᠰᠠᠨ ᠠᠵᠢᠯ ᠠᠴᠠ ᠪᠠᠨ ᠠᠮᠠᠷᠠᠭᠰᠠᠳ ᠵᠡᠷᠭᠡ ᠳᠤ ᠬᠠᠷᠠᠭᠠᠯᠵᠠᠯ ᠦᠵᠡᠭᠦᠯᠦᠨ᠎ᠡ᠃ ᠡᠯ᠎ᠡ ᠭᠠᠵᠠᠷ ᠤᠨ ᠬᠢᠨ | ᠶᠡᠷᠦ ᠳᠡᠭᠡᠨ ᠪᠦᠬᠦᠯᠢ 70 ᠨᠠᠰᠤ ᠬᠦᠷᠦᠭᠰᠡᠨ ᠪᠤᠶᠤ 70 ᠨᠠᠰᠤᠨ ᠠᠴᠠ ᠳᠡᠭᠡᠭᠰᠢᠬᠢ ᠠᠵᠢᠯ ᠠᠴᠠ ᠪᠠᠨ ᠠᠮᠠᠷᠠᠭᠰᠠᠨ | ᠨᠠᠰᠤᠲᠠᠶᠢᠴᠤᠳ ᠵᠢᠴᠢ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠴᠡᠷᠢᠭ ᠤᠨ | ᠠᠯᠪᠠ ᠠᠴᠠ ᠬᠠᠯᠠᠭᠳᠠᠭᠰᠠᠨ ᠺᠠᠳ᠋ᠷ ᠲᠤ ᠬᠡᠯᠪᠠᠶᠢᠯᠭᠡᠨ ᠳᠤᠬᠢᠷᠠᠭᠤᠯᠬᠤ ᠶᠢ ᠬᠡᠷᠡᠭᠵᠢᠬᠦᠯᠵᠦ᠂ ᠲᠡᠳᠡᠨ ᠳᠤ ᠪᠠᠰᠠ ᠨᠢᠭᠡ | ᠪᠦᠯᠦᠭ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠨᠡᠮᠡᠵᠦ ᠤᠯᠭᠤᠨ᠎ᠠ᠃ ᠵᠠᠯᠭᠠᠭᠠᠳ ᠡᠯ᠎ᠡ ᠮᠤᠵᠢ | ᠣᠷᠣᠨ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠣᠳᠠᠲᠠᠶ ᠬᠡᠷᠡᠭᠵᠢᠭᠦᠯᠬᠦ | ᠲᠥᠰᠦᠯ ᠲᠣᠭᠲᠠᠭᠠᠬᠤ ᠪᠣᠯᠤᠨ᠎ᠠ᠃ | ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠬᠡᠷᠬᠢᠨ | ᠪᠠᠲᠤᠯᠠᠬᠤ ᠪᠣᠶ︖ | ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ | ᠲᠣᠬᠢᠷᠠᠭᠤᠯᠤᠯᠲᠠ ᠬᠢᠬᠦ ᠪᠣᠯ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠴᠢᠬᠤᠯᠠ ᠠᠷᠭ᠎ᠠ ᠬᠡᠮᠵᠢᠶ᠎ᠡ | ᠮᠥᠨ᠃ ᠮᠡᠳᠡᠭᠳᠡᠯ ᠳᠤ ᠡᠯ᠎ᠡ ᠭᠠᠵᠠᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠳᠤᠷᠢᠳᠤᠯᠭ᠎ᠠ ᠪᠠᠨ | ᠦᠨᠡᠨ ᠬᠦ ᠴᠢᠩᠭᠠᠳᠬᠠᠨ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠬᠢᠷᠠᠭᠤᠯᠤᠯᠲᠠ ᠬᠢᠵᠦ | ᠨᠡᠮᠡᠭᠳᠡᠭᠦᠯᠦᠭᠰᠡᠨ ᠲᠤᠭ᠎ᠠ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠶ ᠭᠡᠵᠦ | ᠱᠠᠭᠠᠷᠳᠠᠪᠠ᠃ | ᠳᠤᠮᠳᠠ ᠬᠡᠰᠡᠭ ᠤᠨ ᠭᠠᠵᠠᠷ ᠣᠷᠣᠨ᠂ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ᠂ ᠰᠢᠨᠵᠢᠶᠠᠩ ᠤᠨ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠪᠡᠭᠡᠵᠢᠩ ᠳᠤ ᠪᠠᠶᠢᠭ᠎ᠠ ᠲᠥᠪ ᠤᠨ ᠪᠠ ᠲᠦᠷᠦ ᠶᠢᠨ | ᠪᠠᠶᠢᠭᠤᠯᠭ᠎ᠠ ᠵᠢᠴᠢ ᠲᠡᠭᠦᠨ ᠤ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠬᠡᠷᠡᠭᠰᠡᠬᠦ ᠪᠡᠯᠡ ᠮᠥᠩᠭᠦ ᠳᠤ ᠲᠥᠪ ᠤᠨ | ᠡᠳ᠋ ᠤᠨ ᠵᠠᠰᠠᠭ ᠠᠴᠠ ᠵᠣᠬᠢᠰᠲᠠᠢ ᠨᠥᠬᠦᠪᠥᠷᠢ ᠥᠭᠭᠦᠨ᠎ᠡ᠃ ᠣᠷᠣᠨ ᠨᠤᠲᠤᠭ ᠤᠨ ᠡᠳ᠋ ᠤᠨ ᠵᠠᠰᠠᠭ ᠠᠴᠠ ᠲᠤᠰ | ᠭᠠᠵᠠᠷ ᠤᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠮᠥᠩᠭᠦ ᠶᠢᠨ ᠰᠢᠨ᠎ᠡ ᠪᠠᠷ ᠨᠡᠮᠡᠭᠳᠡᠭᠰᠡᠨ ᠵᠠᠷᠤᠯᠭ᠎ᠠ ᠳᠤ ᠲᠣᠬᠢᠷᠠᠭᠤᠯᠤᠯᠲᠠ ᠬᠢᠬᠦ ᠳᠤ ᠪᠡᠯᠡ ᠮᠥᠩᠭᠦ ᠲᠣᠬᠢᠷᠠᠭᠤᠯᠵᠤ | ᠵᠣᠬᠢᠬᠤ ᠨᠥᠬᠦᠪᠥᠷᠢ ᠣᠯᠭᠤᠨ᠎ᠠ᠃ | |