ᠸᠠᠩ ᠰᠢᠶᠤᠤ ᠬᠤᠸᠠᠨ ᠪᠥᠬᠦ ᠬᠤᠲᠠ ᠶᠢᠨ ᠣᠨᠴᠠᠭᠠᠢ ᠴᠠᠭ ᠠᠭᠤᠷ ᠢ ᠠᠷᠭᠠᠴᠠᠭᠠᠬᠤ ᠵᠢᠴᠢ ᠦᠶᠡᠷ ᠢ ᠰᠡᠷᠭᠡᠶᠢᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/6/25
        6 ᠰᠠᠷ᠎ᠠ ᠶᠢᠨ 21 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ ᠪᠥᠬᠦ ᠬᠤᠲᠠ ᠶᠢᠨ ᠣᠨᠴᠠᠭᠠᠢ ᠴᠠᠭ ᠠᠭᠤᠷ ᠢ ᠠᠷᠭᠠᠴᠠᠭᠠᠬᠤ ᠵᠢᠴᠢ ᠦᠶᠡᠷ ᠢ ᠰᠡᠷᠭᠡᠶᠢᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠬᠤᠯᠪᠣᠭᠳᠠᠯ ᠪᠥᠬᠦᠶ ᠠᠵᠢᠯ ᠵᠢᠴᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠨᠢᠭᠡᠴᠢ ᠶᠢᠨ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃      ᠸᠠᠩ ᠰᠢᠶᠤᠤ ᠬᠤᠸᠠᠨ᠂ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠡᠨᠡ ᠵᠢᠯ ᠤᠨ ᠦᠶᠡᠷ ᠢ ᠰᠡᠷᠭᠡᠶᠢᠯᠡᠬᠦ ᠪᠠᠶᠢᠳᠠᠯ ᠤᠨ ᠬᠦᠨᠳᠦ ᠨᠣᠴᠢᠲᠠᠶ ᠴᠢᠨᠠᠷ᠂ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠪᠥᠬᠦ ᠲᠠᠯ᠎ᠠ ᠪᠠᠷ ᠤᠭᠲᠤᠨ ᠪᠠᠶᠢᠯᠳᠤᠬᠤ ᠪᠠᠶᠢᠳᠠᠯ ᠳᠤ ᠣᠷᠣᠵᠤ᠂ ︽ᠴᠠᠭ ᠢᠮᠠᠭᠲᠠ  ᠰᠠᠷᠡᠮᠵᠢ ᠲᠠᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠣᠳᠠᠲᠠᠶ ᠰᠠᠶᠢᠲᠤᠷ ᠬᠢᠵᠣ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃      ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠱᠠᠳᠤ ᠱᠠᠳᠤ ᠪᠠᠷ ᠳᠠᠷᠤᠯᠲᠠ ᠥᠭᠴᠦ᠂ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠦᠶᠡᠷ ᠢ ᠰᠡᠷᠭᠡᠶᠢᠯᠡᠬᠦ ᠠᠵᠢᠯ ᠤᠨ ᠲᠥᠰᠦᠯ ᠶᠣᠰᠣᠭᠠᠷ ᠠᠷᠭᠠᠴᠠᠭᠠᠬᠤ ᠠᠵᠢᠯ ᠢ ᠰᠠᠶᠢᠲᠤᠷ ᠬᠢᠵᠦ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠡᠷᠡᠰ ᠪᠡᠶᠡᠯᠡᠭᠦᠯᠬᠦ ᠬᠡᠷᠡᠭᠲᠡᠢ᠃      ᠭᠠᠮᠰᠢᠭᠲᠤ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠦᠶᠡᠷ ᠤᠨ ᠪᠠᠶᠢᠳᠠᠯ᠂ ᠲᠦᠭᠰᠢᠭᠦᠷᠢᠲᠦ ᠪᠠᠶᠢᠳᠠᠯ᠂ ᠭᠠᠮᠰᠢᠭ ᠤᠨ ᠪᠠᠶᠢᠳᠠᠯ ᠢ ᠣᠨᠣᠪᠴᠢᠲᠠᠶ ᠡᠵᠡᠮᠰᠢᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠰᠡᠷᠭᠡᠶᠢᠯᠡᠬᠦ ᠭᠤᠤᠯᠳᠠᠯᠭ᠎ᠠ ᠶᠢ ᠳᠣᠪᠤᠶᠢᠯᠭᠠᠨ᠂ ᠦᠶᠡᠷ ᠢ ᠰᠡᠷᠭᠡᠶᠢᠯᠡᠬᠦ ᠠᠵᠢᠯ ᠤᠨ ᠰᠠᠨᠠᠭᠠᠴᠢᠯᠠᠭᠠᠲᠤ ᠪᠠᠶᠢᠳᠠᠯ ᠢ ᠡᠵᠡᠮᠰᠢᠬᠦ ᠬᠡᠷᠡᠭᠲᠡᠶ᠃      ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠰᠡᠷᠭᠡᠶᠢᠯᠡᠬᠦ ᠶᠢ ᠴᠢᠩᠭᠠᠳᠬᠠᠵᠤ᠂ ᠵᠢᠭᠤᠯᠴᠢᠯᠠᠯ ᠤᠨ ᠬᠦᠷᠢᠶ᠎ᠡ᠂ ᠪᠠᠷᠢᠯᠭ᠎ᠠ ᠶᠢᠨ ᠬᠦᠷᠢᠶ᠎ᠡ᠂ ᠭᠤᠣᠯ ᠮᠥᠷᠡᠨ ᠨᠠᠭᠤᠷ ᠴᠥᠭᠦᠷᠥᠮ ᠤᠨ ᠦᠶᠡᠷ ᠢ ᠰᠡᠷᠭᠡᠶᠢᠯᠡᠬᠦ᠂ ᠭᠠᠵᠠᠷ ᠤᠨ ᠭᠠᠮᠰᠢᠭ᠂ ᠵᠠᠮ ᠬᠠᠷᠢᠯᠴᠠᠭ᠎ᠠ᠂ ᠬᠤᠳᠠ ᠶᠢᠨ ᠤᠰᠤᠲᠤᠯ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠭᠦᠨᠵᠡᠭᠡᠢ ᠨᠠᠷᠢᠨ ᠨᠢᠭᠲᠠ ᠰᠠᠶᠢᠲᠤᠷ ᠠᠳᠬᠤᠬᠤ ᠬᠡᠷᠡᠭᠲᠡᠢ᠃      ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠡᠳ᠋ ᠪᠣᠳᠠᠰ ᠨᠥᠭᠡᠴᠡᠯᠡᠬᠦ ᠪᠠ ᠠᠵᠢᠯᠲᠠᠨ ᠤ ᠬᠦᠴᠦᠨ ᠤ ᠲᠣᠬᠢᠷᠠᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠲᠦᠷᠭᠡᠨ ᠳᠠᠭᠠᠵᠤ᠂ ᠪᠦᠲᠦᠮᠵᠢᠲᠡᠶ ᠠᠪᠤᠷᠠᠨ ᠲᠤᠰᠠᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠵᠤ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠥᠮᠦᠰ ᠢ ᠠᠶᠤᠯ ᠠᠴᠠ ᠵᠠᠶᠢᠯᠠᠭᠤᠯᠬᠤ ᠠᠵᠢᠯ ᠢ ᠡᠮᠬᠢ ᠵᠢᠷᠤᠮ ᠲᠠᠢ ᠰᠠᠶᠢᠲᠤᠷ ᠬᠢᠵᠦ᠂ ᠭᠤᠣᠯᠳᠠᠯᠭ᠎ᠠ ᠲᠠᠢ ᠭᠠᠵᠠᠷ ᠣᠷᠣᠨ ᠤ ᠪᠣᠷᠣᠭᠠᠨ ᠤ ᠪᠠᠶᠢᠳᠠᠯ ᠦᠶᠡᠷ ᠤᠨ ᠪᠠᠶᠢᠳᠠᠯ ᠭᠠᠮᠰᠢᠭ ᠤᠨ ᠪᠠᠶᠢᠳᠠᠯ ᠢ ᠨᠢᠭᠲᠠ ᠬᠢᠨᠠᠨ ᠡᠵᠡᠮᠳᠡᠵᠦ᠂ ᠲᠦᠭᠰᠢᠭᠦᠷᠢᠲᠦ ᠪᠠᠶᠢᠳᠠᠯ ᠭᠠᠷᠪᠠᠯ ᠲᠡᠷᠡ ᠳᠠᠷᠤᠢ ᠳᠤᠨᠢ ᠤᠯᠠᠨ ᠲᠦᠮᠡᠨ ᠢ ᠰᠢᠯᠵᠢᠭᠦᠯᠦᠨ ᠰᠠᠶᠢᠲᠤᠷ ᠰᠢᠯᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠳᠠ ᠶᠢᠨ ᠤᠳᠤᠷᠢᠳᠤᠯᠭ᠎ᠠ ᠰᠦᠨ ᠪᠠᠢ ᠴᠤᠸᠠᠨ᠂ ᠵᠤᠤ ᠫᠧᠩ ᠴᠢ ᠵᠢᠴᠢ ᠬᠤᠳᠠ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠢ ᠬᠤᠷᠠᠯ ᠳᠤ ᠣᠷᠣᠯᠴᠠᠪᠠ᠃
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号