ᠸᠠᠩ ᠰᠢᠶᠤᠤ ᠬᠤᠸᠠᠨ ᠡᠤ ᠴᠠ ᠭᠸᠦ ᠪᠠᠯᠭᠠᠰᠣ ᠪᠠᠷ ᠬᠦᠷᠴᠦ ᠣᠳᠣᠬᠠᠨ ᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠠᠢ
ᠨᠡᠶᠢᠲᠡᠯᠡᠭᠰᠡᠨ ᠴᠠᠭ᠄
2024/6/25
        6 ᠰᠠᠷ᠎ᠠ ᠶᠢᠨ 20 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ ᠦ᠋ ᠴᠠ ᠭᠸᠦ ᠪᠠᠯᠭᠠᠰᠣ ᠪᠠᠷ ᠬᠦᠷᠴᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠵᠢᠴᠢ ︽ ᠲᠣᠯᠠᠭᠠᠯᠠᠬᠤ ᠢᠨᠵᠧᠨᠧᠷᠢᠩ︾ ᠢ ᠨᠠᠶᠢᠳᠠᠪᠤᠷᠢᠵᠢᠭᠤᠯᠬᠤ᠂ ᠤᠯᠠᠭᠠᠨᠬᠤᠳᠠ ᠷᠡᠰᠢᠶᠠᠨ ᠤ ᠬᠤᠭᠤᠷᠣᠨᠳᠣᠬᠢ ᠲᠡᠮᠦᠷ ᠵᠠᠮ ᠢ ᠥᠭᠡᠷᠡᠴᠢᠯᠡᠨ ᠵᠠᠰᠠᠬᠤ ᠵᠡᠷᠭᠡ ᠣᠳᠣᠬᠠᠨ ᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ᠃      ᠸᠠᠩ ᠰᠢᠶᠤᠤ ᠬᠤᠸᠠᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠮᠠᠨ ᠤ ᠬᠤᠲᠠ ᠶᠢᠨ ᠪᠠᠷᠢᠯᠭ᠎ᠠ ᠶᠢᠨ ᠠᠵᠢᠯ ᠤᠨ ᠰᠢᠵᠢᠷ ᠠᠯᠲᠠᠨ ᠬᠤᠭᠤᠴᠠᠭ᠎ᠠ ᠶᠢ ᠠᠮᠵᠢᠨ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠡᠵᠡᠮᠳᠡᠨ᠂ ᠪᠠᠷᠢᠯᠭ᠎ᠠ ᠶᠢᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠲᠣᠭᠲᠠᠭᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ ᠂ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠤᠷ᠎ᠠ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠡᠷᠲᠡᠬᠡᠨ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠶ᠃ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠪᠣᠷᠣᠭᠠᠨ ᠣᠷᠣᠬᠤ ᠪᠠ ᠤᠰᠤᠨ ᠤ ᠪᠠᠶᠢᠳᠠᠯ ᠤᠨ ᠬᠤᠪᠢᠷᠠᠯᠲᠠ ᠶᠢᠨ ᠪᠠᠶᠢᠳᠠᠯ ᠢ ᠴᠠᠭ ᠢᠮᠠᠭᠲᠠ ᠠᠩᠬᠠᠷᠴᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠦᠶᠡᠷ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯᠲᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠦᠨᠡᠨ ᠬᠦ ᠪᠣᠳᠠᠲᠠᠶ ᠨᠠᠷᠢᠯᠢᠭ ᠠᠳᠬᠤᠵᠤ ᠪᠣᠳᠠᠲᠠᠶ ᠠᠳᠬᠤᠬᠤ ᠬᠡᠷᠡᠭᠲᠡᠶ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠡᠪᠦᠯ ᠤᠨ ᠠᠷᠬᠠᠭ ᠢ ᠵᠤᠨ ᠵᠠᠰᠠᠬᠤ︾ ᠶᠢ ᠪᠠᠷᠢᠮᠲᠠᠯᠠᠵᠤ᠂ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ᠂ ᠪᠠᠷᠢᠯᠭ᠎ᠠ ᠶᠢᠨ ᠬᠤᠭᠤᠴᠠᠭ᠎ᠠ ᠂ ᠠᠬᠢᠴᠠ ᠶᠢ ᠠᠮᠵᠢᠨ ᠶᠠᠰᠤ ᠴᠢᠨᠠᠷ ᠢ ᠪᠠᠲᠤᠯᠠᠵᠤ᠂ ᠢᠯᠴᠢ ᠶᠢᠨ ᠡᠬᠢ ᠰᠤᠷᠪᠤᠯᠵᠢ ᠶᠢᠨ ᠪᠦᠳᠦᠭᠡᠨ ᠪᠠᠶᠢᠭᠤᠯᠤᠯᠲᠠ᠂ ᠢᠯᠴᠢ ᠶᠢᠨ ᠲᠣᠣᠷ ᠢ ᠰᠢᠨᠡᠳᠬᠡᠬᠦ᠂ ᠬᠠᠭᠤᠴᠢᠨ ᠬᠤᠭᠤᠯᠠᠢ ᠲᠣᠣᠷ ᠢ ᠥᠭᠡᠷᠡᠴᠢᠯᠡᠬᠦ ᠵᠡᠷᠭᠡ ᠭᠤᠣᠯᠳᠠᠯᠭ᠎ᠠ ᠲᠠᠢ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠳᠤᠯᠠᠭᠠᠯᠠᠭ᠎ᠠ ᠶᠢᠨ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠦᠨᠡᠨ ᠬᠦ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠬᠦ ᠬᠡᠷᠡᠭᠲᠡᠢ ᠭᠡᠵᠣ ᠴᠢᠬᠤᠯᠠᠴᠢᠯᠡᠵᠡᠢ᠃      ᠡᠨᠡ ᠬᠤᠭᠤᠴᠠᠭᠠᠨ ᠳᠤ᠂ ᠸᠠᠩ ᠰᠢᠶᠤᠤ ᠬᠤᠸᠠᠨ ᠪᠠᠰᠠ ᠭᠤᠣᠯ ᠮᠥᠷᠡᠨ ᠢ ᠴᠠᠭᠳᠠᠬᠤ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠥᠷᠨᠢᠭᠦᠯᠦᠭᠰᠡᠨ ᠪᠥᠭᠡᠳ ᠤᠯᠠᠭᠠᠨᠬᠤᠲᠠ ᠷᠡᠰᠢᠶᠠᠨ ᠤ ᠬᠤᠭᠤᠷᠣᠨᠳᠣᠬᠢ ᠲᠡᠮᠦᠷ ᠵᠠᠮ ᠢ ᠥᠭᠡᠷᠡᠴᠢᠯᠡᠨ ᠭᠠᠵᠠᠷ ᠰᠣᠩᠭᠤᠬᠤ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠪᠠ᠃
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号