ᠶᠠᠩ ᠶᠦᠩ ᠵᠢᠦ ᠭᠤᠣᠯ ᠮᠥᠷᠡᠨ ᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/6/25
     ᠣᠶᠢᠷ᠎ᠡ ᠶᠢᠨ ᠡᠳᠣᠷ᠂ ᠷᠡᠰᠢᠶᠠᠨ ᠬᠤᠳᠠ ᠶᠢᠨ ᠨᠠᠮ ᠤᠨ ᠬᠤᠷᠢᠶᠠᠨ ᠤ ᠱᠦᠵᠢ᠂  ᠭᠤᠣᠯ ᠮᠥᠷᠡᠨ ᠨᠠᠭᠤᠷ ᠴᠥᠭᠦᠷᠥᠮ ᠤᠨ ᠶᠡᠷᠦᠩᠬᠡᠢ ᠳᠠᠷᠤᠭ᠎ᠠ ᠶᠠᠩ ᠶᠦᠩ ᠵᠢᠦ ᠬᠠᠯᠬ᠎ᠠ ᠭᠤᠣᠯ ᠢᠶᠠᠷ ᠬᠦᠷᠴᠦ ᠭᠤᠣᠯ ᠮᠥᠷᠡᠨ ᠢ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ᠂ ᠤᠰᠤᠨ ᠤ ᠣᠷᠴᠢᠨ ᠲᠣᠭᠤᠷᠢᠨ ᠤ ᠣᠳᠣᠬᠢ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃      ᠶᠠᠩ ᠶᠦᠩ ᠵᠢᠦ᠂ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠪᠣᠯ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠦᠲᠦᠮᠵᠢᠲᠡᠶ ᠠᠷᠭ᠎ᠠ ᠬᠡᠮᠵᠢᠶ᠎ᠡ ᠮᠥᠨ᠂ ᠪᠠᠰᠠ ᠴᠤ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠪᠠ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠴᠢᠬᠤᠯᠠ ᠭᠠᠷᠳᠠᠴᠠ ᠮᠥᠨ᠃ ᠡᠯ᠎ᠡ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠡᠯᠪᠡᠷᠢᠴᠢ ᠦᠵᠡᠯ ᠢ ᠬᠤᠷᠢᠭᠯᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠴᠠᠷᠠᠭ᠎ᠠ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠵᠠᠮ ᠳᠠᠭᠠᠤ ᠶᠢᠨ ᠣᠷᠴᠢᠨ ᠲᠣᠭᠤᠷᠢᠨ ᠤ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠮᠠᠨ ᠤ ᠬᠤᠲᠠ ᠶᠢᠨ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠤᠨ ᠳᠡᠭᠡᠭᠰᠢᠯᠡᠭᠦᠯᠬᠦ ᠬᠡᠷᠡᠭᠲᠡᠢ᠃ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠤᠨ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠪᠣᠳᠠᠲᠠᠢ ᠠᠵᠢᠯ ᠬᠢᠬᠦ᠂ ᠴᠢᠳᠡᠪᠣᠷᠢ ᠲᠠᠢ᠂  ᠦᠷ᠎ᠡ ᠪᠦᠳᠣᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠬᠠᠨ ᠴᠠᠩ ᠵᠢᠦ᠂ ᠴᠢᠶᠣᠤ ᠹᠧᠩ ᠯᠢᠨ᠂ ᠸᠠᠩ ᠬᠠᠶ ᠵᠢᠶᠦ᠋ᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠠᠷ ᠲᠣᠰ ᠣᠳᠡᠭᠠᠨ ᠤ ᠪᠠᠶᠢᠴᠠᠭᠠᠯᠳᠡ ᠳᠤ ᠣᠷᠣᠯᠴᠠᠵᠠᠶ᠃
 
ᠢᠷᠡᠯᠲᠡ᠄ ᠷᠡᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号