ᠰᠢᠨ ᠴᠧᠩ ᠵᠡᠭᠡᠯᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/26
     ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠢᠯᠢᠳᠡᠭ ᠤᠯᠠᠮᠵᠢᠯᠠᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠬᠦᠴᠦᠨ ᠨᠡᠮᠡᠷᠢᠯᠡᠬᠦ ᠶᠢᠨ ᠲᠦᠯᠣᠭᠡ᠂ 6 ᠰᠠᠷ᠎ᠠ ᠳᠤ᠂  ᠷᠡᠰᠢᠶᠠᠨ ᠬᠤᠳᠡ ᠶᠢᠨ ᠰᠢᠨ ᠴᠧᠩ ᠵᠡᠭᠡᠯᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠤᠬᠠᠭᠤᠯᠭ᠎ᠠ ᠶᠢᠨ ᠭᠠᠷᠠᠭ ᠢᠶᠠᠷ ᠠᠵᠠ ᠲᠣᠬᠢᠶᠠᠯ ᠪᠣᠯᠭᠠᠵᠤ᠂ ᠤᠯᠠᠨ ᠵᠦᠢᠯ ᠤᠨ ᠬᠡᠯᠪᠡᠷᠢ ᠪᠦᠬᠦᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠠ᠃      ᠨᠢᠭᠡ᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠦ ᠡᠪᠡᠳᠴᠢᠨ ᠡᠮᠭᠡᠭ ᠢ ᠰᠡᠷᠭᠡᠶᠢᠯᠡᠬᠦ ᠦᠵᠡᠯ ᠤᠬᠠᠮᠰᠠᠷ ᠢᠶᠠᠨ ᠴᠢᠩᠭᠠᠳᠬᠠᠵᠡᠢ᠃ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠯᠠᠨ ᠵᠦᠢᠯ ᠤᠨ ᠬᠡᠯᠪᠡᠷᠢ ᠶᠢᠨ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠡᠷᠡᠭᠦᠯ ᠮᠡᠨᠳᠦ ᠶᠢᠨ ᠬᠥᠮᠦᠵᠢᠯ ᠤᠨ ᠤᠬᠠᠭᠤᠯᠭ᠎ᠠ ᠶᠢᠨ ᠪᠤᠯᠤᠩ᠂ LED᠂ ᠬᠥᠨᠳᠡᠯᠡᠨ ᠪᠢᠴᠢᠭᠡᠰᠦ᠂ ᠸᠢᠴᠠᠲ ᠵᠡᠷᠭᠡ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢᠶᠠᠷ ᠳᠠᠮᠵᠢᠭᠤᠯᠤᠨ᠂ ᠰᠠᠭᠤᠭᠠᠯᠢ ᠠᠷᠠᠳ ᠲᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠡᠷᠡᠭᠰᠡᠯ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠨᠠᠭᠠᠴᠢᠯᠠᠭ᠎ᠠ ᠶᠢᠨ ᠪᠢᠴᠢᠭ᠂ ᠡᠷᠡᠭᠦᠯ ᠰᠠᠷᠠᠭᠤᠯ ᠠᠮᠢᠳᠤᠷᠠᠯ ᠤᠨ ᠶᠡᠷᠦ ᠶᠢᠨ ᠮᠡᠳᠡᠯᠭᠡ ᠵᠡᠷᠭᠡ ᠤᠬᠠᠭᠤᠯᠭ᠎ᠠ ᠶᠢᠨ ᠬᠠᠭᠤᠳᠠᠰᠤ ᠶᠢ 300 ᠭᠠᠷᠤᠶ ᠬᠤᠪᠢ ᠲᠠᠷᠬᠠᠭᠠᠵᠤ᠂ ᠥᠷᠭᠡᠨ ᠣᠯᠠᠨ ᠰᠠᠭᠤᠭᠠᠯᠢ ᠠᠷᠠᠳ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠢᠳᠡᠪᠬᠢᠲᠡᠶ ᠦᠢᠯᠡᠳᠦᠯᠭᠡᠵᠢᠭᠦᠯᠵᠦ᠂ ᠡᠷᠡᠭᠦᠯ ᠰᠠᠷᠠᠭᠤᠯ ᠠᠮᠢᠳᠤᠷᠠᠯ ᠤᠨ ᠳᠠᠳᠬᠠᠯ ᠢ ᠪᠣᠶ ᠪᠣᠯᠭᠠᠬᠤ ᠶᠢ ᠤᠷᠢᠶᠠᠯᠠᠪᠠ᠃      ᠬᠤᠶᠠᠷ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠵᠣ᠂ ᠴᠡᠪᠡᠷ ᠴᠡᠮᠴᠡᠭᠡᠷ ᠪᠣᠬᠢᠷᠳᠣᠯ ᠦᠭᠡᠢ ᠭᠡᠷ ᠬᠦᠷᠢᠶᠠᠯᠡᠩ ᠢ ᠪᠠᠶᠢᠭᠤᠯᠵᠡᠢ᠃ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠳᠤ ᠬᠠᠮᠳᠣᠪᠡᠷ ᠣᠷᠣᠯᠴᠠᠵᠤ᠂ ᠡᠷᠡᠭᠦᠯ ᠡᠩᠭᠡ ᠰᠢᠨ᠎ᠡ ᠠᠮᠢᠳᠤᠷᠠᠯ ᠢ ᠬᠠᠮᠲᠤᠪᠠᠷ ᠡᠳ᠋ᠯᠡᠬᠦ︾ ᠪᠠᠷ ᠭᠤᠣᠯ ᠰᠡᠳᠦᠪ ᠪᠣᠯᠭᠠᠭᠰᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠬᠠᠷᠢᠶ᠎ᠠ ᠣᠷᠣᠨ ᠤ ᠠᠳᠠᠯ ᠠᠬᠤᠢ᠂ ᠨᠢᠭᠡᠴᠢ᠂ ᠰᠠᠶᠢᠨ ᠳᠤᠷ᠎ᠠ ᠶᠢᠨ ᠣᠶᠢᠯᠡᠴᠢᠯᠡᠭᠴᠢ ᠪᠣᠯᠤᠨ ᠤᠯᠠᠨ ᠲᠦᠮᠡᠨ ᠢ ᠭᠦᠢᠴᠡᠳ ᠲᠠᠶᠢᠴᠢᠯᠠᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠬᠡᠪᠡᠷ ᠴᠡᠪᠡᠷᠯᠡᠵᠦ᠂ ᠬᠤᠭ ᠨᠣᠪᠰᠢ ᠪᠡ ᠳᠤᠷ᠎ᠠ ᠪᠠᠷ ᠲᠠᠯᠪᠢᠭᠰᠠᠨ ᠡᠳ᠋ ᠪᠣᠳᠠᠰ ᠢ ᠴᠡᠪᠡᠷᠯᠡᠭᠰᠡᠨ ᠢᠶᠠᠷ ᠪᠠᠷᠠᠬᠤ ᠦᠭᠡᠢ᠂ ᠪᠠᠰᠠ ᠵᠡᠭᠡᠯᠢ ᠳᠠᠭᠠᠤ ᠶᠢᠨ ᠬᠤᠳᠠᠯᠳᠤᠭᠠᠨ ᠤ ᠳᠡᠯᠭᠡᠭᠦᠷ ᠤᠨ ᠵᠠᠮ ᠢ ᠡᠵᠡᠯᠡᠨ ᠡᠵᠡᠩᠨᠡᠬᠦ᠂ ᠡᠭᠦᠳᠡᠨ ᠡᠮᠦᠨᠡᠬᠢ ᠡᠯᠳᠡᠪ ᠶᠠᠭᠤᠮ᠎ᠠ ᠣᠪᠣᠭᠠᠯᠠᠭᠰᠠᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠪᠠ᠃      ᠭᠤᠷᠪᠠ᠂ ᠡᠪᠠᠣᠠᠴᠢᠠ ᠤ ᠵᠠᠭᠤᠴᠢ ᠠᠮᠢᠲᠤ ᠪᠤᠳᠠᠰ ᠢ ᠤᠷᠢᠳᠴᠢᠯᠠᠨ ᠰᠡᠷᠭᠡᠶᠢᠯᠡᠵᠣ ᠡᠷᠡᠬᠦᠯ ᠮᠠᠨᠳᠣ ᠶᠢᠨ ᠬᠤᠷᠢᠭ᠎ᠠ ᠱᠣᠭᠤᠮ ᠢ ᠪᠠᠳᠣ ᠴᠣᠬᠴᠠᠯᠠᠵᠡᠢ᠃ ᠬᠠᠷᠢᠶ᠎ᠠ ᠣᠷᠣᠨ ᠤ ᠣᠯᠠᠨ ᠨᠡᠶᠢᠲᠡ ᠶᠢᠨ ᠭᠠᠵᠡᠷ᠂ ᠬᠤᠭ ᠨᠣᠪᠰᠢ ᠶᠢᠨ ᠰᠠᠪᠡ ᠵᠡᠷᠭᠡ ᠳᠤ ᠨᠢᠭᠡᠳᠦᠯᠲᠡᠶ ᠠᠷᠢᠭᠤᠳᠬᠠᠬᠤ ᠠᠵᠢᠯ ᠥᠷᠨᠢᠭᠦᠯᠵᠦ᠂ ᠭᠤᠤᠯᠳᠠᠯᠭ᠎ᠠ ᠲᠠᠢ ᠣᠷᠣᠨ ᠪᠦᠰᠡ ᠳᠤ ᠥᠨᠳᠥᠷ ᠪᠦᠲᠦᠮᠵᠢᠲᠡᠶ ᠡᠮ ᠰᠦᠷᠴᠢᠵᠦ᠂ ︽ᠳᠥᠷᠪᠡᠨ ᠬᠤᠣᠷᠳᠡᠨ︾ ᠵᠡᠷᠭᠡ ᠡᠪᠡᠳᠴᠢᠨ ᠡᠬᠦᠰᠭᠡᠭᠴᠢ ᠠᠮᠢᠳᠤ ᠪᠣᠳᠠᠰ ᠤᠨ ᠦᠷᠡᠵᠢᠬᠦ ᠲᠠᠯᠠᠪᠤᠷ ᠢ ᠠᠷᠢᠯᠭᠠᠵᠤ᠂ ᠴᠡᠪᠡᠷ ᠴᠡᠮᠴᠡᠭᠡᠷ᠂ ᠲᠠᠭᠠᠯᠠᠮᠵᠢᠲᠠᠶ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠢ ᠪᠣᠶ ᠪᠣᠯᠭᠠᠪᠡ᠃      ᠳᠥᠷᠪᠡ᠂ ᠬᠠᠯᠠᠭᠤᠨ ᠳᠤᠯᠠᠭᠠᠨ ᠠᠯᠪᠡᠨ ᠵᠢᠷᠤᠮ ᠤᠨ ᠡᠮᠴᠢᠯᠡᠭᠡ ᠡᠷᠭᠢᠯᠡᠵᠦ ᠡᠷᠡᠭᠦᠯ ᠮᠡᠨᠳᠦ ᠶᠢ ᠬᠠᠮᠲᠤ ᠪᠠᠷ ᠡᠳ᠋ᠯᠡᠵᠡᠢ᠃ ᠸᠧᠨᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠮᠴᠢ ᠰᠣᠪᠢᠯᠡᠬᠴᠢ ᠶᠢ ᠤᠷᠢᠵᠤ ︽ᠡᠷᠡᠭᠦᠯ ᠡᠩᠬᠡ ᠬᠤᠲᠠ ᠪᠠᠯᠭᠠᠰᠤ ᠡᠷᠡᠭᠦᠯ ᠮᠡᠨᠳᠦ ᠪᠡᠶ᠎ᠡ ᠶᠢᠨ ᠬᠦᠨᠳᠦ︾ ᠪᠠᠷ ᠭᠤᠤᠯ ᠰᠡᠳᠦᠪ ᠪᠣᠯᠭᠠᠭᠰᠠᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠥᠷᠭᠡᠨ ᠣᠯᠠᠨ ᠰᠠᠭᠤᠭᠠᠯᠢ ᠠᠷᠠᠳ ᠲᠤ ᠰᠣᠶᠢᠳᠬᠡᠯ ᠬᠤᠷᠢᠶᠠᠬᠤ ᠥᠬᠡᠶ ᠪᠠᠷ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠰᠢᠬᠢᠷ᠂ ᠪᠡᠶ᠎ᠡ ᠶᠢᠨ ᠬᠦᠨᠳᠦ᠂ ᠡᠷᠡᠭᠦᠯ ᠮᠡᠨᠳᠦ ᠶᠢᠨ ᠵᠥᠪᠯᠡᠯᠭᠡ ᠥᠭᠬᠦ ᠵᠡᠷᠭᠡ ᠣᠶᠢᠯᠡᠴᠢᠯᠡᠭᠡ ᠬᠠᠩᠭᠠᠪᠡ᠃ ᠪᠠᠰᠠ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠠᠷᠭ᠎ᠠ ᠮᠠᠶ᠋ᠢᠭ ᠢᠶᠠᠷ ᠣᠯᠠᠨ ᠲᠦᠮᠡᠨ ᠳᠤ ᠵᠦᠶ ᠵᠣᠬᠢᠰᠲᠠᠶ ᠢᠳᠡᠭᠡᠨ ᠤᠮᠳᠠᠭᠠᠨ᠂ ᠰᠢᠨᠵᠢᠯᠡᠬᠦ ᠤᠬᠠᠭᠠᠨᠴᠢ ᠬᠥᠳᠡᠯᠭᠡᠭᠡᠨ ᠬᠢᠬᠦ᠂ ︽ᠭᠤᠷᠪᠠ ᠶᠢ ᠪᠠᠭᠠᠰᠬᠠᠵᠤ ᠭᠤᠷᠪᠠ ᠶᠢ ᠴᠢᠭᠢᠷᠠᠭᠵᠢᠭᠤᠯᠬᠤ︾ ᠵᠡᠷᠭᠡ ᠡᠷᠡᠭᠦᠯ ᠮᠡᠨᠳᠦ ᠶᠢᠨ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠢ ᠰᠠᠨᠠᠭᠠᠴᠢᠯᠠᠭ᠎ᠠ ᠠᠴᠠ ᠪᠠᠨ ᠡᠷᠡᠭᠦᠯ ᠮᠡᠨᠳᠦ ᠶᠢᠨ ᠪᠡᠶ᠎ᠡ ᠶᠢᠨ ᠬᠦᠨᠳᠣ ᠶᠢ ᠰᠣᠷᠳᠡᠯᠴᠢᠯᠡᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠯᠴᠢ ᠪᠣᠯᠬᠤ ᠪᠠᠷ ᠴᠢᠷᠮᠠᠶᠢᠵᠤ᠂ ᠡᠷᠡᠭᠦᠯ ᠡᠩᠬᠡ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠬᠠᠮᠲᠤ ᠪᠠᠷ ᠪᠥᠲᠥᠭᠡᠨ ᠪᠠᠶᠢᠭᠤᠯᠬᠤ ᠶᠢ ᠤᠷᠢᠶᠠᠯᠠᠪᠠ᠃      ᠳᠠᠷᠠᠭᠠᠴᠢ ᠶᠢᠨ ᠠᠯᠬᠤᠮ ᠳᠤ᠂ ᠰᠢᠨ ᠴᠧᠩ ᠵᠡᠭᠡᠯᠢ ᠶᠢᠨ ᠬᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠦᠷᠭᠦᠯᠵᠢᠯᠡᠨ ᠠᠬᠢᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠣᠯᠤᠨ ᠡᠪᠡᠳᠴᠢᠨ  ᠡᠬᠦᠰᠭᠡᠭᠴᠢ ᠠᠮᠢᠳᠤ ᠪᠣᠳᠠᠰ ᠢ ᠰᠡᠷᠭᠡᠶᠢᠯᠡᠬᠦ ᠠᠵᠢᠯ ᠳᠤ ᠴᠢᠭᠯᠡᠭᠦᠯᠦᠨ ᠭᠤᠣᠯᠳᠠᠯᠭ᠎ᠠ ᠲᠠᠢ ᠤᠬᠠᠭᠤᠯᠤᠨ ᠴᠡᠭᠴᠡᠯᠡᠨ ᠵᠠᠰᠠᠬᠤ ᠠᠵᠢᠯ ᠢ ᠬᠢᠨ᠎ᠠ᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠤᠬᠠᠭᠤᠯᠬᠤ ᠶᠢ ᠴᠢᠩᠭᠠᠳᠬᠠᠵᠤ᠂ ᠪᠦᠬᠦ ᠨᠡᠶᠢᠭᠡᠮ ᠢ ᠲᠠᠶᠢᠴᠢᠯᠡᠨ ᠵᠢᠯᠣᠭᠤᠳᠴᠤ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢᠨ ᠬᠤᠰᠢᠭᠤᠴᠢ ᠪᠣᠯᠭᠠᠬᠤ ᠪᠠᠷ ᠴᠢᠷᠮᠠᠶᠢᠵᠤ᠂ ᠠᠷᠠᠳ ᠤᠯᠠᠨ ᠳᠤ ᠠᠷᠢᠭᠤᠨ ᠴᠡᠪᠡᠷ᠂ ᠴᠡᠪᠡᠷ ᠴᠡᠮᠴᠡᠭᠡᠷ᠂ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠴᠢᠷᠮᠠᠶᠢᠨ ᠡᠭᠦᠳᠴᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠰᠢᠨ᠎ᠡ ᠬᠡᠪ ᠰᠤᠷᠲᠠᠯ ᠢ ᠪᠠᠳᠠᠷᠠᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠰᠢᠨ᠎ᠡ ᠬᠡᠪ ᠪᠠᠶᠢᠳᠠᠯ ᠢ ᠪᠤᠢ ᠪᠣᠯᠭᠠᠨ᠎ᠠ᠃
 
ᠢᠷᠡᠯᠲᠡ᠄ ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号