ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ  ᠬᠤᠤᠷ ᠴᠠᠭᠠᠵᠠᠯᠠᠬᠤ ᠤᠬᠠᠭᠤᠯᠭ᠎ᠠ  ᠬᠢᠵᠡᠢ
ᠨᠡᠶᠢᠲᠡᠯᠡᠭᠰᠡᠨ ᠴᠠᠭ᠄
2024/6/27
     ᠪᠥᠬᠦ ᠠᠷᠠᠳ ᠤᠨ ᠬᠤᠤᠷ ᠴᠠᠭᠠᠵᠠᠯᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠵᠦ᠂ ᠠᠷᠠᠳ ᠣᠯᠠᠨ ᠤ ᠬᠤᠤᠷ ᠢ ᠲᠠᠨᠢᠬᠤ᠂ ᠬᠤᠤᠷ ᠢ ᠰᠡᠷᠭᠡᠶᠢᠯᠡᠬᠦ᠂ ᠬᠤᠤᠷ ᠢ ᠡᠰᠡᠷᠭᠦᠴᠡᠬᠦ ᠦᠵᠡᠯ ᠤᠬᠠᠮᠰᠠᠷ ᠪᠠ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 26 ᠤ ᠡᠳᠦᠷ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ︽6.26 ᠳᠡᠯᠡᠬᠡᠶ ᠶᠢᠨ ᠬᠤᠤᠷ ᠴᠠᠭᠠᠵᠠᠯᠠᠬᠤ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃      ᠨᠡᠶᠢᠭᠡᠮ ᠲᠣᠭᠤᠷᠢᠭ ᠤᠨ ᠠᠵᠢᠯᠲᠠᠳ ᠬᠠᠷᠢᠶ᠎ᠠ ᠣᠷᠣᠨ ᠤ ᠢᠳᠡᠭᠡᠨ ᠤᠮᠳᠠᠭᠠᠨ ᠤ ᠳᠡᠯᠭᠡᠭᠦᠷ᠂ ᠠᠷᠢᠬᠢ ᠲᠠᠮᠠᠬᠢᠨ ᠲᠡᠯᠭᠡᠬᠦᠷ᠂ ᠲᠦᠷᠭᠡᠨ ᠬᠦᠷᠭᠡᠯᠲᠡ ᠶᠢᠨ ᠥᠷᠲᠡᠭᠡ ᠴᠡᠭ ᠵᠡᠷᠭᠡ ᠵᠡᠭᠡᠯᠢ ᠳᠠᠭᠠᠤ ᠶᠢᠨ ᠬᠤᠳᠠᠯᠳᠤᠭᠠᠴᠢᠨ ᠡᠷᠦᠬᠡ ᠪᠠᠷ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠶᠢᠨ ᠬᠠᠮᠲᠤ ᠪᠣᠳᠠᠲᠤ ᠬᠡᠷᠡᠭ ᠤᠨ ᠵᠢᠱᠢᠶ᠎ᠡ ᠲᠠᠢ ᠪᠠᠨ ᠤᠶᠠᠯᠳᠤᠭᠤᠯᠤᠨ᠂ ᠶᠠᠭᠤ ᠶᠢ ᠬᠤᠤᠷᠲᠤ ᠡᠳ᠋ ᠭᠡᠬᠦ᠂ ᠬᠤᠤᠷᠲᠤ ᠡᠳ᠋ ᠤᠨ ᠬᠤᠤᠷ ᠬᠥᠨᠥᠭᠡᠯ ᠢ ᠬᠡᠷᠬᠢᠨ ᠡᠰᠡᠷᠭᠦᠴᠡᠬᠦ ᠵᠡᠷᠭᠡ ᠲᠠᠯ᠎ᠠ ᠠᠴᠠ ᠨᠢᠭᠤᠷᠲᠠᠨ ᠲᠠᠶᠢᠯᠪᠤᠷᠢᠯᠠᠵᠤ᠂ ᠬᠤᠤᠷᠲᠤ ᠡᠳ᠋ ᠢ ᠴᠠᠭᠠᠵᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠶᠡᠭᠡ ᠪᠠᠷ ᠤᠬᠠᠭᠤᠯᠵᠤ᠂ ᠰᠠᠭᠤᠭᠠᠯᠢ ᠠᠷᠠᠳ ᠢ ᠬᠠᠪᠰᠤᠷᠤᠨ ᠬᠤᠤᠷᠲᠤ ᠡᠳ᠋ ᠤᠨ ᠬᠤᠪᠢ ᠬᠥᠮᠦᠨ᠂ ᠬᠡᠷ ᠪᠦᠯᠢ ᠪᠠ ᠨᠡᠶᠢᠭᠡᠮ ᠳᠤ ᠦᠵᠡᠭᠦᠯᠬᠦ ᠬᠦᠨᠳᠦ ᠨᠣᠴᠢᠲᠠᠶ ᠬᠤᠤᠷ ᠬᠥᠨᠥᠭᠡᠯ ᠢ ᠲᠣᠳᠣᠷᠬᠠᠶ ᠲᠠᠨᠢᠭᠤᠯᠵᠤ᠂ ᠬᠤᠤᠷᠲᠤ ᠡᠳ᠋ ᠤᠨ ᠬᠤᠤᠷ ᠬᠥᠨᠥᠭᠡᠯ ᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠪᠡ᠃ ᠡᠭᠦᠨ ᠤ ᠬᠠᠮᠲᠤ᠂ ᠰᠠᠭᠤᠭᠠᠯᠢ ᠠᠷᠠᠳ ᠲᠤ ᠬᠡᠷᠪᠡ ᠬᠤᠤᠷ ᠢ ᠲᠠᠲᠠᠬᠤ᠂ ᠬᠤᠤᠷ ᠢ ᠬᠠᠳᠠᠭᠠᠯᠠᠬᠤ᠂ ᠬᠤᠣᠷ ᠢ ᠫᠠᠨᠽᠠᠯᠠᠬᠤ ᠵᠡᠷᠭᠡ ᠶᠢ ᠣᠯᠵᠤ ᠮᠡᠳᠡᠪᠡᠯ ᠳᠠᠷᠤᠶ ᠲᠦᠷᠭᠡᠨ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ ᠭᠡᠵᠦ ᠰᠠᠨᠠᠭᠤᠯᠪᠠ᠃      ᠲᠣᠰ ᠤᠳᠠᠭᠠᠨ ᠤ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠬᠤᠤᠷᠲᠤ ᠡᠳ᠋ ᠢ ᠴᠠᠭᠠᠵᠠᠯᠠᠬᠤ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠬᠠᠷᠢᠶ᠎ᠠ ᠣᠷᠣᠨ ᠤ ᠵᠡᠭᠡᠯᠢ ᠳᠠᠭᠠᠤ ᠶᠢᠨ ᠬᠤᠳᠠᠯᠳᠤᠭᠠᠴᠢᠨ ᠡᠷᠦᠬᠡ ᠳᠤ ᠬᠤᠤᠷᠲᠤ ᠡᠳ᠋ ᠤᠨ ᠬᠤᠤᠷ ᠬᠥᠨᠥᠭᠡᠯ ᠢ ᠭᠦᠨᠵᠡᠭᠡᠶ ᠣᠶᠢᠯᠠᠭᠠᠭᠤᠯᠵᠤ᠂ ᠥᠷᠭᠡᠨ ᠣᠯᠠᠨ ᠰᠠᠭᠤᠭᠠᠯᠢ ᠠᠷᠠᠳ ᠤᠨ ᠬᠤᠤᠷᠲᠤ ᠡᠳ᠋ ᠢ ᠲᠠᠨᠢᠬᠤ᠂ ᠬᠤᠤᠷᠲᠤ ᠡᠳ᠋ ᠢ ᠰᠡᠷᠭᠡᠶᠢᠯᠡᠬᠦ᠂ ᠬᠤᠤᠷᠲᠤ ᠡᠳ᠋ ᠢ ᠡᠰᠡᠷᠭᠦᠴᠡᠬᠦ ᠦᠵᠡᠯ ᠤᠬᠠᠮᠰᠠᠷ ᠤᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠷᠡᠭᠦᠯ ᠴᠢᠭᠢᠷᠠᠭ ᠬᠥᠮᠦᠨ ᠤ ᠠᠮᠢᠳᠤᠷᠠᠯ᠂ ᠪᠣᠬᠢᠷᠲᠤᠯ ᠥᠬᠡᠶ ᠬᠤᠤᠷ ᠥᠬᠡᠶ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠦᠲᠦᠮᠵᠢᠲᠡᠶ ᠪᠣᠶ ᠪᠣᠯᠭᠠᠪᠠ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号