ᠲᠢᠶᠠᠨ ᡂᠢ ᠨᠡᠶᠢᠭᠡᠮ ᠲᠣᠭᠤᠷᠢᠭ  ᠬᠤᠤᠷ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/27
      ᠬᠠᠷᠢᠶ᠎ᠠ ᠣᠷᠣᠨ ᠤ ᠰᠠᠭᠤᠭᠠᠯᠢ ᠠᠷᠠᠳ ᠤᠨ ᠬᠤᠤᠷᠲᠤ ᠡᠳ᠋ ᠢ ᠴᠠᠭᠠᠵᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠤᠷᠲᠤ ᠡᠳ᠋ ᠤᠨ ᠬᠠᠷᠢᠶ᠎ᠠ ᠣᠷᠣᠨ ᠳᠤ ᠦᠷᠪᠢᠰᠣᠨ ᠳᠡᠯᠭᠡᠷᠡᠬᠦ ᠶᠢ ᠪᠦᠲᠦᠮᠵᠢᠲᠡᠶ ᠬᠤᠷᠢᠭᠯᠠᠬᠤ ᠶᠢᠨ ᠲᠥᠯᠥᠭᠡ᠂ 6 ᠰᠠᠷ᠎ᠠ ᠶᠢᠨ 25 ᠤ ᠡᠳᠦᠷ᠂ ᠷᠡᠰᠢᠶᠠᠨ ᠬᠤᠳᠡ ᠶᠢᠨ ᠲᠢᠶᠠᠨ ᡂᠢ ᠨᠡᠶᠢᠭᠡᠮ ᠲᠣᠭᠤᠷᠢᠭ ᠤᠨ ᠲᠣᠣᠷᠵᠢᠭᠤᠯᠣᠬᠴᠢ᠂ ᠰᠠᠶᠢᠨ ᠳᠤᠷᠠᠴᠤᠣᠯ ᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠳᠤ ᠬᠦᠷᠴᠦ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠬᠤᠤᠷ ᠴᠠᠭᠠᠵᠠᠯᠠᠬᠤ ᠰᠠᠶᠢᠨ ᠳᠤᠷᠠᠴᠤᠣᠯ ᠰᠠᠭᠤᠭᠠᠯᠢ ᠠᠷᠠᠳ ᠣᠯᠠᠨ ᠳᠤ ᠬᠤᠤᠷ ᠴᠠᠭᠠᠵᠠᠯᠠᠬᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠭᠰᠠᠨ ᠪᠥᠭᠡᠳ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠬᠤᠤᠷᠲᠤ ᠡᠳ᠋ ᠤᠨ ᠬᠤᠤᠷ ᠬᠥᠨᠥᠭᠡᠯ ᠪᠠ ᠬᠤᠤᠷᠲᠤ ᠡᠳ᠋ ᠢ ᠬᠡᠷᠬᠢᠨ ᠰᠡᠷᠭᠡᠶᠢᠯᠡᠬᠦ ᠵᠡᠷᠭᠡ ᠮᠡᠳᠡᠯᠭᠡ ᠶᠢ ᠨᠠᠷᠢᠨ ᠲᠠᠶᠢᠯᠪᠤᠷᠢᠯᠠᠪᠠ᠃ ᠬᠤᠤᠷᠲᠤ ᠡᠳ᠋ ᠢ ᠴᠠᠭᠠᠵᠠᠯᠠᠬᠤ ᠰᠠᠶᠢᠨ ᠳᠤᠷᠠᠴᠤᠣᠯ ᠬᠤᠤᠷᠲᠤ ᠡᠳ᠋ ᠤᠨ ᠶᠠᠩᠵᠤ ᠬᠡᠯᠪᠡᠷᠢ ᠶᠢᠨ ᠲᠠᠰᠤᠷᠠᠯᠲᠠ ᠥᠬᠡᠶ ᠰᠢᠨᠡᠳᠴᠦ᠂ ᠪᠣᠭᠤᠳᠠᠯ ᠪᠠᠭᠯᠠᠭ᠎ᠠ ᠶᠢᠨ ᠬᠡᠯᠪᠡᠷᠢ ᠴᠤ ᠲᠠᠰᠤᠷᠠᠯᠲᠠ ᠥᠬᠡᠶ ᠬᠤᠪᠢᠷᠠᠯᠲᠠ ᠭᠠᠷᠴᠤ ᠪᠣᠢ᠃ ᠵᠢᠱᠢᠶᠡᠯᠡᠪᠡᠯ ︽ᠠᠷᠰᠢ ᠶᠢᠨ ᠤᠰᠤ︾᠂ ︽ᠰᠢᠬᠢᠷ︾᠂ ︽ᠰᠦ ᠲᠠᠢ ᠴᠠᠢ ᠶᠢᠨ ᠨᠤᠨᠲᠠᠭ︾ ᠵᠡᠷᠭᠡ ᠪᠣᠳᠡᠰ ᠲᠦᠢᠯ ᠤᠨ ᠶᠡᠭᠡ ᠳᠠᠯᠳᠠ ᠴᠢᠨᠠᠷ᠂ ᠬᠠᠭᠤᠷᠮᠠᠭᠯᠠᠬᠤ ᠴᠢᠨᠠᠷ ᠪᠠ ᠲᠥᠭᠡᠷᠢᠭᠳᠡᠭᠦᠯᠬᠦ ᠴᠢᠨᠠᠷ ᠲᠠᠢ᠂ ᠣᠯᠠᠨ ᠲᠦᠮᠡᠨ ᠢᠯᠡᠭᠦᠬᠡᠨ ᠰᠡᠷᠭᠡᠶᠢᠯᠡᠬᠦ ᠪᠠ ᠠᠩᠬᠠᠷᠬᠤ ᠶᠢ ᠰᠠᠨᠠᠭᠤᠯᠵᠤ᠂ ᠬᠤᠤᠷᠳᠦ ᠡᠳ᠋ ᠢ ᠴᠠᠭᠠᠵᠠᠯᠠᠬᠤ ᠤᠬᠠᠭᠤᠯᠭ᠎ᠠ ᠳᠤ ᠢᠳᠡᠪᠬᠢᠲᠡᠶ ᠣᠷᠣᠯᠴᠠᠵᠤ᠂ ᠳᠡᠷᠭᠡᠳᠡᠬᠢ ᠬᠥᠮᠦᠰ ᠢᠶᠠᠨ ᠳᠠᠶᠢᠴᠢᠯᠠᠨ ᠬᠤᠤᠷᠳᠦ ᠡᠳ᠋ ᠤᠨ ᠪᠡᠶ᠎ᠡ ᠮᠠᠬᠠᠪᠣᠳ᠂ ᠡᠷᠡᠭᠦᠯ ᠮᠡᠨᠳᠦ᠂ ᠬᠡᠷ ᠪᠦᠯᠢ᠂ ᠨᠡᠶᠢᠭᠡᠮ ᠳᠤ ᠦᠵᠡᠭᠦᠯᠬᠦ ᠬᠤᠤᠷ ᠬᠥᠨᠥᠭᠡᠯ ᠢ ᠲᠠᠨᠢᠭᠤᠯᠵᠤ᠂ ᠣᠯᠠᠨ ᠤ ᠬᠤᠤᠷᠳᠦ ᠡᠳ᠋ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠤᠷᠢᠶᠠᠯᠠᠪᠠ ᠃ ᠪᠡᠰᠠ ᠬᠤᠤᠷ ᠢ ᠲᠠᠲᠠᠬᠤ᠂ ᠬᠤᠤᠷ ᠢ ᠬᠠᠳᠠᠭᠠᠯᠠᠬᠤ᠂  ᠬᠤᠤᠷ ᠢ ᠫᠠᠨᠽᠠᠯᠠᠬᠤ ᠶᠢ ᠣᠯᠵᠤ ᠮᠡᠳᠡᠪᠡᠯ ᠳᠠᠷᠤᠶ ᠲᠦᠷᠭᠡᠨ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ ᠭᠡᠵᠦ ᠰᠠᠨᠠᠭᠤᠯᠪᠠ᠃      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠬᠤᠤᠷᠲᠤ ᠡᠳ᠋ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠬᠤᠤᠷᠲᠤ ᠡᠳ᠋ ᠢ ᠰᠡᠷᠭᠡᠶᠢᠯᠡᠨ ᠬᠤᠤᠷᠲᠤ ᠡᠳ᠋ ᠢ ᠡᠰᠡᠷᠭᠦᠴᠡᠬᠦ ᠤᠬᠠᠮᠰᠠᠷ ᠢ ᠴᠢᠩᠭᠠᠷᠠᠭᠤᠯᠤᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠤᠤᠷᠲᠤ ᠡᠳ᠋ ᠢ ᠴᠠᠭᠠᠵᠠᠯᠠᠬᠤ ᠳᠤ ᠣᠷᠣᠯᠴᠠᠬᠤ ᠬᠠᠯᠠᠭᠤᠨ ᠰᠡᠳᠬᠢᠯᠭᠡ ᠶᠢ ᠭᠦᠢᠴᠡᠳ ᠳᠠᠶᠢᠴᠢᠯᠠᠵᠤ᠂ ᠪᠥᠬᠦ ᠠᠷᠠᠳ ᠢ ᠳᠠᠶᠢᠴᠢᠯᠠᠨ ᠬᠤᠤᠷᠲᠤ ᠡᠳ᠋ ᠢ ᠴᠠᠭᠠᠵᠠᠯᠠᠬᠤ ᠳᠤ ᠰᠠᠶᠢᠨ ᠰᠠᠶᠢᠬᠠᠨ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃
 
ᠢᠷᠡᠯᠲᠡ᠄ ᠲᠢᠶᠠᠨ ᡂᠢ ᠪᠠᠯᠭᠠᠰᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号