ᠸᠧᠨᠴᠢᠤᠸᠠᠨ ᠵᠡᠭᠡᠯᠢ ᠶᠢᠨ ᠾᠧ ᠪᠢᠨ ᠨᠡᠶᠢᠭᠡᠮ ᠲᠣᠭᠤᠷᠢᠭ ᠪᠥᠬᠦ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/27
     2024 ᠣᠨ ᠤ 6 ᠰᠠᠷ᠎ᠠ ᠪᠣᠯ ᠠᠩᠬᠠᠳᠠᠭᠴᠢ ᠪᠥᠬᠦ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠤᠬᠠᠭᠤᠯᠭ᠎ᠠ ᠶᠢᠨ ᠰᠠᠷ᠎ᠠ ᠪᠣᠯᠤᠨ᠎ᠠ᠃ ᠨᠡᠶᠢᠭᠡᠮ ᠲᠣᠭᠤᠷᠢᠭ ᠤᠨ ᠠᠵᠢᠯᠳᠡᠳ ᠣᠬᠠᠭᠤᠯᠭ᠎ᠠ ᠶᠢᠨ ᠠᠵᠢᠯᠯᠠᠭ᠎ᠠ ᠶᠢᠨ ᠶᠠᠪᠤᠴᠠ ᠳᠤ᠂ ᠠᠵᠢᠯᠲᠠᠳ ᠰᠠᠭᠤᠭᠠᠯᠢ ᠠᠷᠠᠳ ᠲᠤ ᠳᠤᠮᠳᠠᠳᠤ ᠤᠯᠤᠰ ᠤᠨ ᠠᠷᠠᠳ ᠢᠷᠭᠡᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠦᠨᠳᠦᠰᠦᠨ ᠮᠡᠳᠡᠯᠭᠡ ᠪᠠ ᠣᠶᠢᠯᠠᠭᠠᠭᠳᠠᠬᠤᠨ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠬᠢᠭᠡᠳ ᠦᠢᠯᠡ ᠠᠵᠢᠯᠯᠠᠭ᠎ᠠ ᠵᠢᠴᠢ ᠦᠨᠳᠦᠰᠦᠨ ᠤᠷ᠎ᠠ ᠴᠢᠳᠠᠪᠤᠷᠢ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠪᠠ᠃ ᠪᠠᠰᠠ ᠰᠠᠭᠤᠭᠠᠯᠢ ᠠᠷᠠᠳ ᠲᠤ ᠡᠷᠡᠭᠦᠯ ᠰᠠᠷᠠᠭᠤᠯ ᠠᠮᠢᠳᠤᠷᠠᠯ ᠤᠨ ᠴᠢᠬᠤᠯᠠ ᠴᠢᠨᠠᠷ ᠵᠢᠴᠢ ᠡᠷᠡᠭᠦᠯ ᠪᠤᠰᠤ ᠠᠮᠢᠳᠤᠷᠠᠯ ᠤᠨ ᠠᠷᠭ᠎ᠠ ᠮᠠᠶ᠋ᠢᠭ ᠠᠴᠠ ᠪᠣᠯᠤᠭᠰᠠᠨ ᠬᠤᠤᠷ ᠬᠥᠨᠥᠭᠡᠯ ᠢ ᠭᠦᠨᠵᠡᠭᠡᠶ ᠲᠠᠨᠢᠭᠤᠯᠪᠠ᠃      ᠵᠠᠯᠭᠠᠭᠠᠳ᠂ ᠠᠵᠢᠯᠲᠠᠳ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠠᠭᠤᠭᠠᠯᠢ ᠠᠷᠠᠳ ᠲᠤ ︽ᠭᠤᠷᠪᠠ ᠶᠢ ᠪᠠᠭᠠᠰᠬᠠᠵᠤ ᠭᠤᠷᠪᠠ ᠶᠢ ᠴᠢᠭᠢᠷᠠᠭᠵᠢᠭᠤᠯᠬᠤ︾ ᠮᠡᠳᠡᠯᠭᠡ ᠶᠢ ᠲᠠᠶᠢᠯᠪᠤᠷᠢᠯᠠᠨ ᠥᠭᠴᠦ᠂ ᠳᠠᠪᠤᠰᠤ ᠶᠢ ᠪᠠᠭᠠᠰᠬᠠᠬᠤ᠂ ᠲᠤᠰᠤ ᠶᠢ ᠪᠠᠭᠠᠰᠬᠠᠬᠤ᠂ ᠰᠢᠬᠢᠷ ᠢ ᠪᠠᠭᠠᠰᠬᠠᠬᠤ ᠠᠴᠢ ᠬᠤᠯᠪᠣᠭᠳᠠᠯ ᠪᠠ ᠪᠣᠳᠠᠲᠠᠶ ᠠᠷᠭ᠎ᠠ ᠬᠢᠳᠡᠯ ᠢ ᠨᠠᠷᠢᠨ ᠨᠢᠮᠪᠠᠶ ᠲᠣᠳᠣᠷᠬᠠᠶᠢᠯᠠᠨ ᠥᠭᠦᠯᠡᠭᠰᠡᠨ ᠢᠶᠠᠷ ᠪᠠᠷᠠᠬᠤ ᠥᠬᠡᠶ᠂ ᠪᠠᠰᠠ ᠡᠷᠡᠭᠦᠯ ᠴᠢᠭᠢᠷᠠᠭ ᠠᠮᠠᠨ ᠬᠥᠨᠳᠡᠶ᠂ ᠡᠷᠡᠭᠦᠯ ᠮᠡᠨᠳᠦ ᠶᠢᠨ ᠪᠡᠶ᠎ᠡ ᠶᠢᠨ ᠬᠦᠨᠳᠦ᠂ ᠡᠷᠡᠭᠦᠯ ᠰᠠᠷᠠᠭᠤᠯ ᠠᠷᠤᠭ ᠶᠠᠰᠤᠨ ᠤ ᠴᠢᠬᠤᠯᠠ ᠴᠢᠨᠠᠷ ᠪᠠ ᠪᠡᠶᠡᠯᠡᠭᠦᠯᠬᠦ ᠠᠷᠭ᠎ᠠ ᠵᠠᠮ ᠳᠤ ᠭᠦᠨᠵᠡᠭᠡᠶ ᠪᠥᠭᠡᠳ ᠲᠤᠤᠱᠲᠠᠶ ᠲᠠᠶᠢᠯᠪᠤᠷᠢᠯᠠᠯᠲᠠ ᠬᠢᠵᠦ᠂ ᠰᠠᠭᠤᠭᠠᠯᠢ ᠠᠷᠠᠳ ᠲᠤ ᠡᠳᠦᠷ ᠲᠤᠲᠤᠮ ᠤᠨ ᠢᠳᠡᠭᠡᠨ ᠤᠮᠳᠠᠭᠠᠨ ᠤ ᠭᠤᠤᠯᠳᠠᠯᠭ᠎ᠠ ᠪᠠ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠲᠤᠬᠠᠶ ᠲᠣᠳᠣᠷᠬᠠᠶ ᠲᠠᠨᠢᠯᠲᠠ ᠲᠠᠢ ᠪᠣᠯᠪᠠ᠃      ᠲᠣᠰ ᠤᠳᠠᠭᠠᠨ ᠤ ᠲᠠᠶᠢᠯᠤᠮᠵᠢ ᠪᠠᠷ ᠳᠡᠮᠵᠢᠨ᠂ ᠰᠠᠭᠤᠭᠠᠯᠢ ᠠᠷᠠᠳ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢᠯᠠᠩᠭᠤᠶ᠎ᠠ ︽ᠭᠤᠷᠪᠠ ᠶᠢ  ᠪᠠᠭᠠᠰᠬᠠᠵᠣ ᠭᠤᠷᠪᠠ ᠶᠢ ᠴᠢᠭᠢᠷᠠᠭᠵᠢᠭᠤᠯᠬᠤ︾ ᠮᠡᠳᠡᠯᠭᠡ ᠶᠢᠨ ᠲᠤᠬᠠᠶ ᠨᠠᠩ ᠭᠦᠨᠵᠡᠭᠡᠶ ᠲᠠᠨᠢᠯᠲᠠ ᠲᠠᠢ ᠪᠣᠯᠵᠣ᠂ ᠡᠷᠡᠭᠦᠯ ᠮᠡᠨᠳᠦ ᠶᠢ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠂ ᠬᠤᠶᠢᠰᠢᠳᠠ ᠨᠡᠶᠢᠭᠡᠮ ᠲᠣᠭᠤᠷᠢᠭ ᠤᠨ ᠬᠢᠨ ᠡᠶᠢᠮᠦᠷᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠲᠥᠯᠥᠭᠡ ᠲᠠᠰᠤᠷᠠᠯᠲᠠ ᠥᠬᠡᠶ ᠴᠢᠷᠮᠠᠶᠢᠬᠤ ᠪᠣᠯᠤᠨ᠎ᠠ᠃
 
ᠢᠷᠡᠯᠲᠡ᠄ ᠸᠧᠨᠴᠢᠤᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号