ᠷᠠᠰᠢᠶᠠᠨ ᠪᠣᠯ ᠬᠢᠩᠭᠠᠨ ᠠᠶᠢᠮᠠᠭ ᠤᠨ ᠨᠢᠭᠡᠨ ᠬᠢᠯᠢ ᠶᠢᠨ ᠵᠢᠵᠢᠭᠬᠡᠨ ᠬᠤᠳᠠ ᠪᠢᠯᠡ᠃ ᠷᠠᠰᠢᠶᠠᠨ ᠳᠤ ᠲᠦᠷᠪᠡᠨ ᠳᠠᠯ᠎ᠠ | ᠨᠤᠳᠤᠬ ᠰᠣᠯᠪᠢᠴᠠᠨ ᠨᠡᠶᠢᠯᠡᠵᠦ᠂ ᠶᠡᠭᠡ ᠬᠢᠩᠭᠠᠨ ᠳᠠᠪᠠᠭ᠎ᠠ ᠡ᠊ᠨᠳᠡ ᠬᠦᠷᠴᠦ᠂ ᠬᠥᠪᠴᠢ ᠤᠢ ᠪᠣᠯᠣᠨ ᠳᠠᠯ᠎ᠠ ᠨᠤᠲᠤᠭ | ᠡ᠊ᠨᠳᠡ ᠵᠠᠯᠭᠠᠯᠳᠤᠨ᠎ᠠ᠃ | 1963 ᠣᠨ ᠳᠤ᠂ ︽ᠪᠦᠬᠦ ᠤᠯᠤᠰ ᠤᠨ ᠶᠡᠭᠡ ᠬᠡᠪᠴᠢᠶ᠎ᠠ ᠪᠠᠷ ᠣᠶᠢᠵᠢᠭᠤᠯᠬᠤ︾ ᠠᠵᠢᠯ ᠤᠨ ᠲᠠᠰᠤᠷᠠᠯᠳᠠ | ᠦᠭᠡᠢ ᠭᠦᠨᠵᠡᠭᠡᠶᠢᠷᠡᠬᠦ ᠶᠢ ᠳᠠᠭᠠᠯᠳᠤᠨ᠂ ᠰᠢᠭᠤᠶᠢᠲᠤ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ | ᠬᠥᠭᠵᠢᠯᠲᠡ ᠳᠤ ᠨᠡᠩ ᠰᠠᠶᠢᠨ ᠦᠢᠯᠡᠴᠢᠯᠡᠬᠦ ᠶᠢᠨ ᠲᠤᠯᠠᠳᠠ᠂ ᠢᠷᠪᠢᠰ ᠬᠢᠯᠢ ᠶᠢᠨ ᠲᠣᠮᠢᠯᠠᠭᠰᠠᠨ ᠰᠠᠯᠪᠤᠷᠢ ᠪᠠᠶᠢᠭᠤᠯᠤᠬᠳᠠᠪᠠ | ᠃ ᠢᠷᠪᠢᠰ ᠬᠢᠯᠢ ᠶᠢᠨ ᠲᠤᠮᠢᠯᠠᠬᠰᠠᠨ ᠰᠠᠯᠪᠤᠷᠢ ᠷᠠᠰᠢᠶᠠᠨ ᠬᠤᠳᠠ ᠳᠤ ᠪᠠᠶᠢᠷᠢᠯᠠᠨ᠂ 30 ᠴᠠᠬᠳᠠᠭ᠎ᠠ᠂ 7 ᠲᠤᠰᠠᠯᠠᠬᠤ | ᠴᠠᠬᠳᠠᠭ᠎ᠠ ᠲᠠᠢ᠂ ᠬᠠᠷᠢᠶᠠᠳᠦ ᠤᠷᠤᠨ ᠤ ᠪᠦᠬᠦ ᠲᠠᠯᠠᠪᠠᠢ ᠨᠢ 895.66 ᠲᠡᠭᠰᠢ ᠲᠦᠷᠪᠡᠯᠵᠢᠨ ᠺᠢᠯᠦᠮᠧᠲᠷ ᠪᠠᠶᠢᠵᠤ᠂ | ᠬᠠᠷᠢᠶᠠᠳᠦ ᠤᠷᠤᠨ ᠤ 1.2 ᠲᠦᠮᠡᠨ ᠡᠷᠦᠬᠡ ᠪᠤᠯᠤᠨ 2.5 ᠲᠦᠮᠡ ᠭᠠᠷᠤᠢ ᠪᠠᠶᠢᠩᠭᠤ ᠰᠠᠭᠤᠭ᠎ᠠ ᠬᠦᠮᠦᠨ ᠠᠮᠠ ᠳᠤ | ᠦᠢᠯᠡᠴᠢᠯᠡᠳᠡᠭ᠃ 60 ᠵᠢᠯ ᠤᠨ ᠲᠤᠷᠰᠢ᠂ ᠲᠣᠮᠢᠯᠠᠭᠰᠠᠨ ᠰᠠᠯᠪᠤᠷᠢ ᠤᠷᠢᠳ ᠬᠤᠵᠢᠳ ᠨᠢᠭᠡᠳᠦᠭᠡᠷ ᠳᠡᠰ ᠤᠨ | ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠬᠠᠮᠲᠤ ᠶᠢᠨ ᠬᠤᠶᠠᠳᠤᠭᠠᠷ ᠳᠡᠰ ᠤᠨ ᠭᠠᠪᠢᠶ᠎ᠠ ᠶᠢ 1 ᠤᠳᠠᠭ᠎ᠠ᠂ | ᠬᠠᠮᠲᠤ ᠶᠢᠨ ᠭᠤᠷᠪᠠᠳᠤᠭᠠᠷ ᠳᠡᠰ ᠤᠨ ᠭᠠᠪᠢᠶ᠎ᠠ ᠶᠢ 8 ᠤᠳᠠᠭ᠎ᠠ ᠪᠠᠶᠢᠭᠤᠯᠪᠠ᠃ 2023 ᠣᠨ ᠤ 11 ᠰᠠᠷ᠎ᠠ ᠳᠤ᠂ ᠪᠠᠰᠠ | ᠪᠦᠬᠦ ᠤᠯᠤᠰ ᠤᠨ ᠭᠤᠷᠪᠠᠳᠤᠭᠠᠷ ᠪᠦᠯᠦᠭ ᠤᠨ ︽ ᠹᠧᠩ ᠴᠢᠶᠣᠤ ᠮᠠᠶ᠋ᠢᠭ ᠤᠨ ᠲᠣᠮᠢᠯᠠᠭᠰᠠᠨ ᠰᠠᠯᠪᠤᠷᠢ︾ ᠪᠠᠷ ᠦᠨᠡᠯᠡᠭᠳᠡᠪᠡ | ᠃ | ᠴᠠᠬᠳᠠᠭ᠎ᠠ ᠠᠷᠠᠳ ᠬᠠᠶᠢᠷ᠎ᠠ ᠰᠡᠳᠭᠢᠯᠬᠡ ᠪᠠᠨ ᠵᠤᠵᠠᠭᠠᠳᠬᠠᠨ ᠵᠢᠷᠭᠠᠯᠳᠤ ᠠᠮᠢᠳᠤᠷᠠᠯ ᠢᠶᠠᠨ ᠴᠤᠬᠴᠠᠯᠠᠨ᠎ᠠ | ᠢᠷᠪᠢᠰ ᠬᠢᠯᠢ ᠶᠢᠨ ᠲᠤᠮᠢᠯᠠᠬᠰᠠᠨ ᠰᠠᠯᠪᠤᠷᠢ ᠶᠢᠨ ᠢᠷᠠᠭᠤ ᠠᠯᠳᠠᠷ ᠤᠨ ᠳᠠᠰᠤᠭ ᠲᠤ ᠤᠷᠤᠬᠤᠯᠠᠷ᠂ 2 | ᠦᠵᠡᠭᠦᠯᠭᠡ ᠶᠢᠨ ᠬᠤᠷᠭᠤᠨ ᠲᠡᠭᠡᠷ᠎ᠠ ᠬᠡᠮᠡᠷᠯᠢᠭ ᠲᠤᠭ ᠳᠠᠯᠪᠠᠭ᠎ᠠ᠂ ᠲᠠᠯᠠᠷᠬᠠᠯ ᠤᠨ ᠵᠠᠬᠢᠳᠠᠯ ᠳᠡᠯᠭᠡᠭᠳᠡᠨ᠎ᠠ᠃ ᠬᠡᠷᠡᠮ ᠳᠡᠭᠡᠷᠡᠬᠢ | ᠬᠡᠰᠡᠭ ᠭᠡᠷᠡᠯ ᠵᠢᠷᠤᠭ ᠨᠢ ᠢᠷᠪᠢᠰ ᠬᠢᠯᠢ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠶᠢᠨ ᠵᠢᠵᠢᠭ ᠰᠠᠵᠢᠭ ᠵᠦᠢᠯ ᠢ | ᠲᠡᠮᠳᠡᠭᠯᠡᠵᠦ᠂ ᠬᠦᠨ ᠵᠤᠵᠠᠭᠠᠨ ᠴᠠᠬᠳᠠᠭ᠎ᠠ ᠠᠷᠠᠳ ᠤᠨ ᠬᠠᠶᠢᠷ᠎ᠠ ᠰᠡᠳᠭᠢᠯᠬᠡ ᠶᠢ ᠬᠦᠤᠷᠨᠢᠨᠠ᠃ ︽ᠡ᠊ᠨᠳᠡᠬᠢ ᠬᠡᠷᠡᠯ ᠵᠢᠷᠤᠭ | ᠨᠢᠭᠡ ᠪᠦᠷᠢ ᠨᠢ ᠴᠥᠮ ᠰᠡᠳᠭᠢᠯ ᠢ ᠳᠤᠯᠠᠭᠠᠴᠠᠭᠤᠯᠤᠮᠠ ᠥᠯᠢᠭᠡᠷ ᠲᠠᠢ ᠪᠠᠶᠢᠳᠠᠭ︾ ᠭᠡᠵᠦ ᠵᠢᠭᠠᠨ ᠵᠢᠯᠣᠭᠤᠳᠤᠭᠴᠢ ᠸᠠᠩ | ᠢᠦᠢ ᠰᠢᠨ ᠲᠠᠨᠢᠯᠴᠠᠭᠤᠯᠪᠠ᠃ | ᠣᠯᠠᠨ ᠲᠦᠮᠡᠨ ᠤ ᠬᠦᠴᠢᠷ ᠪᠡᠷᠬᠡᠰᠢᠶᠡᠯ ᠢ ᠰᠡᠳᠭᠢᠯ ᠳᠡᠭᠡᠨ ᠪᠣᠳᠣᠵᠤ᠂ ᠣᠯᠠᠨ ᠲᠦᠮᠡᠨ ᠤ ᠬᠠᠯᠠᠭᠤᠨ ᠬᠦᠢᠲᠡᠨ ᠢ | ᠰᠡᠳᠭᠢᠯ ᠳᠡᠭᠡᠨ ᠴᠡᠭᠡᠵᠢᠯᠡᠨ᠎ᠠ᠃ ᠡᠨᠡ ᠪᠣᠯ ᠢᠷᠪᠢᠰ ᠬᠢᠯᠢ ᠶᠢᠨ ᠲᠣᠮᠢᠯᠠᠭᠰᠠᠨ ᠰᠠᠯᠪᠤᠷᠢ ᠶᠢᠨ ᠢᠮᠠᠭᠲᠠ | ᠦᠢᠯᠡᠳᠦᠯᠭᠡᠵᠢᠬᠦᠯᠦᠭᠰᠡᠭᠡᠷ ᠢᠷᠡᠭᠰᠡᠨ ᠤᠭ ᠰᠠᠨᠠᠭ᠎ᠠ ᠪᠣᠯᠣᠨ᠎ᠠ᠃ ᠳᠥᠭᠦᠮ ᠪᠦᠲᠦᠴᠡᠲᠦ ᠣᠷᠣᠨ ᠰᠠᠭᠤᠴᠠ ᠶᠢᠨ | ᠲᠣᠭᠤᠷᠢᠭ ᠢ ᠥᠭᠡᠷᠡᠴᠢᠯᠡᠨ ᠪᠠᠶᠢᠭᠤᠯᠬᠤ ᠳᠤ᠂ ᠰᠢᠶᠣᠣ ᠨᠠᠰᠤᠳᠠᠨ ᠪᠠᠶᠢᠰᠢᠩ ᠬᠡᠷ ᠤᠨ ᠢᠶᠠᠨ ᠭᠠᠵᠠᠷ ᠰᠢᠷᠣᠢ ᠶᠢᠨ | ᠦᠨᠡᠮᠯᠡᠯ ᠢᠶᠠᠨ ᠭᠡᠭᠡᠭᠡᠳ᠂ ᠴᠠᠭᠳᠠᠭ᠎ᠠ ᠨᠠᠷ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠰᠠᠯᠠᠭ᠎ᠠ ᠮᠥᠴᠢᠷ ᠲᠤ ᠬᠦᠷᠴᠦ ᠭᠠᠷ ᠭᠦᠢᠴᠡᠳᠭᠡᠯ ᠢ ᠨᠢ ᠬᠠᠪᠰᠤᠷᠤᠨ ᠵᠣᠬᠢᠴᠠᠭᠤᠯᠵᠤ ᠪᠠᠶᠢᠭᠠᠳ ᠭᠡᠷᠡᠴᠢ ᠬᠢᠵᠦ ᠦᠭᠴᠡᠢ᠃ | ᠯᠢᠦ ᠨᠠᠰᠤᠲᠠᠨ ᠤ ᠭᠡᠷ ᠢ ᠨᠤᠷᠠᠭᠠᠵᠤ᠂ ᠬᠠᠰᠢᠶ᠎ᠠ ᠰᠠᠷᠠᠪᠴᠢᠨ ᠳᠠᠬᠢ ᠦᠬᠡᠷ ᠢᠶᠠᠨ ᠬᠤᠷᠢᠬᠤ ᠭᠠᠵᠠᠷ ᠦᠭᠡᠢ ᠪᠣᠯᠵᠠᠢ᠂ | ᠴᠠᠭᠳᠠᠭ᠎ᠠ ᠨᠠᠷ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠵᠤᠬᠢᠴᠠᠭᠤᠯᠤᠨ ᠦᠬᠡᠷ ᠢᠶᠠᠨ ᠲᠦᠷ ᠬᠤᠷᠢᠬᠤ ᠭᠠᠵᠠᠷ ᠤᠯᠵᠦ | ᠦᠭᠪᠡ᠃ ᠠᠷᠠᠳ ᠢ ᠪᠠᠶᠠᠵᠢᠭᠤᠯᠵᠤ ᠬᠢᠯᠢ ᠬᠢᠵᠠᠭᠠᠷ ᠢᠶᠠᠨ ᠬᠦᠴᠦᠷᠬᠡᠭᠵᠢᠭᠦᠯᠬᠦ ︽ᠡᠴᠦᠰ ᠤᠨ ᠨᠢᠭᠡ ᠺᠢᠯᠣᠮᠧᠲᠷ︾ ᠢ | ᠨᠡᠪᠲᠡᠷᠡᠭᠦᠯᠬᠦ ᠶᠢᠨ ᠲᠥᠯᠥᠭᠡ᠂ ᠲᠣᠮᠢᠯᠠᠭᠰᠠᠨ ᠰᠠᠯᠪᠤᠷᠢ ᠪᠣᠯᠣᠨ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ᠂ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠨᠢᠭᠲᠠ ᠬᠠᠮᠲᠤᠷᠠᠯᠴᠠᠵᠤ᠂ ︽ᠴᠠᠭᠳᠠᠭ᠎ᠠ ᠲᠣᠰᠬᠤᠨ ᠤ ᠳᠠᠷᠤᠭ᠎ᠠ + ᠲᠠᠷᠢᠶᠠᠴᠢᠨ ᠨᠠᠮ ᠤᠨ | ᠭᠡᠰᠢᠭᠦᠨ + ᠶᠠᠳᠠᠭᠤ ᠬᠦᠴᠢᠷᠳᠡᠯᠲᠡᠢ ᠡᠷᠦᠬᠡ︾ ᠶᠢᠨ ᠬᠠᠪᠰᠤᠷᠤᠨ ᠲᠡᠳᠬᠦᠬᠦ ᠬᠡᠯᠬᠢᠶ᠎ᠠ ᠶᠢ ᠲᠥᠷᠥᠯ ᠱᠠᠲᠤ ᠬᠤᠪᠢᠶᠠᠨ | ᠪᠠᠶᠢᠭᠤᠯᠪᠠ᠃ ᠲᠣᠮᠢᠯᠠᠭᠰᠠᠨ ᠰᠠᠯᠪᠤᠷᠢ ᠬᠠᠷᠢᠶᠠᠳᠦ ᠣᠷᠣᠨ ᠤ ᠣᠶᠢᠮ᠎ᠠ ᠨᠣᠭᠤᠭ᠎ᠠ᠂ ᠠᠯᠲᠠᠨ ᠯᠢᠩᠬᠤᠸ᠎ᠠ ᠵᠡᠷᠭᠡ ᠣᠶ ᠶᠢᠨ | ᠪᠦᠲᠦᠭᠡᠭᠳᠡᠬᠦᠨ ᠤ ᠳᠠᠪᠠᠭᠤᠯᠢᠭ ᠢ ᠠᠭᠤᠳᠠᠯᠵᠤ᠂ ᠣᠯᠠᠨ ᠲᠦᠮᠡᠨ ᠢ ᠬᠠᠪᠰᠤᠷᠤᠨ ᠰᠦᠯᠵᠢᠶᠡᠨ ᠳᠡᠭᠡᠷ᠎ᠠ ᠪᠣᠷᠣᠯᠠᠭᠤᠯᠬᠤ | ᠵᠠᠮ ᠢ ᠨᠡᠭᠡᠭᠡᠵᠦ᠂ 19 ᠡᠷᠦᠬᠡ ᠬᠢᠯᠢ ᠶᠢᠨ ᠠᠷᠠᠳ ᠢ ᠳᠠᠭᠠᠭᠤᠯᠤᠨ ︽ᠬᠢᠯᠢ ᠶᠢᠨ ᠵᠢᠭᠤᠯᠴᠢᠯᠠᠯ︾᠂ ︽ᠲᠠᠷᠢᠶᠠᠴᠢᠨ | ᠠᠶᠢᠯ ᠤᠨ ᠵᠢᠭᠤᠯᠴᠢᠯᠠᠯ︾ ᠵᠡᠷᠭᠡ ᠣᠨᠴᠠᠯᠢᠭᠲᠤ ᠵᠢᠭᠤᠯᠴᠢᠯᠠᠯ ᠤᠨ ᠠᠵᠤ ᠦᠢᠯᠡᠰ ᠢ ᠡᠭᠦᠳᠦᠨ ᠡᠷᠬᠢᠯᠡᠵᠡᠢ᠃ ᠮᠦᠨ 9 | ᠬᠡᠭᠡᠷ᠎ᠠ ᠶᠢᠨ ᠨᠣᠭᠤᠭ᠎ᠠ ᠳᠠᠷᠢᠬᠤ᠂ ᠬᠦᠢᠲᠡᠨ ᠤᠰᠤᠨ ᠤ ᠵᠢᠭᠠᠰᠤ ᠲᠡᠵᠢᠭᠡᠨ ᠦᠷᠡᠵᠢᠭᠦᠯᠬᠦ ᠵᠡᠷᠭᠡ ︽ᠦᠢᠯᠡᠰ ᠪᠤᠰᠬᠠᠵᠤ | ᠪᠠᠶᠠᠵᠢᠯ ᠢ ᠳᠠᠶᠢᠴᠢᠯᠠᠬᠤ︾ ᠲᠥᠷᠥᠯ ᠵᠦᠢᠯ ᠪᠠ ᠵᠣᠴᠢᠳ ᠤᠨ ᠪᠠᠭᠤᠳᠠᠯ ᠤᠨ ᠨᠠᠶᠢᠳᠡ ᠶᠢᠨ ᠪᠠᠶᠢᠷᠢ ᠶᠢᠨ ᠲᠥᠷᠥᠯ ᠵᠦᠢᠯ ᠢ | ᠪᠥᠬᠦ ᠬᠦᠴᠦᠨ ᠢᠶᠠᠷ ᠢᠶᠠᠨ ᠠᠬᠢᠭᠤᠯᠵᠤ᠂ ᠡᠷᠦᠬᠡ ᠪᠦᠷᠢ ᠠᠵᠤ ᠦᠢᠯᠡᠰ ᠲᠠᠢ᠂ ᠡᠷᠦᠬᠡ ᠪᠦᠷᠢ ᠣᠷᠣᠯᠭ᠎ᠠ ᠪᠠᠨ | ᠨᠡᠮᠡᠭᠳᠡᠭᠦᠯᠵᠦ ᠳᠡᠶᠢᠯᠬᠦ ᠶᠢ ᠪᠡᠶᠡᠯᠡᠭᠦᠯᠪᠡ᠃ ᠡᠳᠦᠭᠡ ᠢᠷᠪᠢᠰ ᠤᠨ ᠬᠠᠭᠤᠴᠢᠨ ᠳᠦᠷᠰᠦ ᠪᠠᠶᠢᠳᠠᠯ ᠨᠢ ᠰᠢᠨᠡᠳᠦᠨ ᠬᠤᠪᠢᠷᠠᠵᠤ | ᠂ ᠬᠠᠶᠠᠭᠳᠠᠮᠠᠯ ᠬᠦᠯᠡᠮᠵᠢ ᠨᠢ ︽ᠡᠷᠳᠡᠨᠢᠰ ᠤᠨ ᠰᠠᠩ︾ ᠪᠣᠯᠣᠨ ᠬᠤᠪᠢᠷᠠᠵᠤ᠂ ᠲᠠᠷᠢᠶᠠᠴᠢᠨ ᠠᠶᠢᠯ ᠤᠨ ᠵᠢᠭᠤᠯᠴᠢᠯᠠᠯ ᠬᠦᠷ | ᠬᠥᠭᠵᠢᠶᠡᠨ ᠢᠶᠠᠷ ᠪᠢᠯᠬᠠᠵᠤ᠂ ᠵᠡᠭᠡᠯᠢ ᠭᠤᠳᠤᠮᠵᠢ ᠪᠠᠷ ᠢᠶᠠᠨ ᠴᠥᠮ ᠤᠷᠤᠯᠭ᠎ᠠ ᠪᠠᠨ ᠨᠡᠮᠡᠭᠳᠡᠬᠦᠯᠵᠡᠢ᠃ | ᠴᠠᠬᠳᠠᠭ᠎ᠠ ᠠᠷᠠᠳ ᠪᠦᠯᠬᠦᠮᠳᠡᠨ ᠲᠡᠮᠡᠴᠡᠵᠦ ᠲᠠᠷᠬᠠᠨ ᠬᠢᠯᠢ ᠪᠠᠨ ᠬᠦᠴᠦᠷᠭᠡᠭᠵᠢᠬᠦᠯᠦᠨ ᠪᠠᠬᠢᠵᠢᠬᠦᠯᠦᠨ᠎ᠠ | ᠬᠢᠯᠢ ᠶᠢᠨ ᠵᠢᠵᠢᠭ ᠬᠤᠳᠠ ᠶᠢᠨ ᠵᠡᠬᠡᠯᠢ ᠭᠤᠳᠤᠮᠵᠢ ᠪᠠᠷ᠂ ᠤᠯᠠᠭᠠᠨ ᠡᠯᠢᠬᠡᠪᠴᠢ ᠡᠮᠦᠰᠦᠭᠰᠡᠨ ᠬᠦᠮᠦᠰ ᠭᠠᠵᠠᠷ | ᠪᠤᠯᠭᠠᠨ ᠳᠤ ᠬᠠᠷᠠᠬᠳᠠᠵᠤ᠂ ᠲᠡᠳᠡᠨᠦᠰ ᠴᠠᠬᠳᠠᠨ ᠲᠤᠭᠤᠷᠢᠵᠤ ᠰᠡᠷᠭᠡᠶᠢᠯᠡᠨ ᠡᠵᠡᠮᠳᠡᠬᠦ᠂ ᠬᠡᠮ ᠰᠣᠭᠤᠭ ᠢ ᠵᠢᠭᠰᠠᠭᠠᠨ | ᠪᠠᠶᠢᠴᠠᠭᠠᠬᠤ᠂ ᠵᠢᠭᠤᠷᠠᠯᠳᠤᠭᠠᠨ ᠢ ᠡᠶᠡᠳᠡᠭᠦᠯᠬᠦ᠂ ᠬᠠᠤᠯᠢ ᠴᠠᠭᠠᠵᠠ ᠶᠢᠨ ᠤᠬᠠᠭᠤᠯᠭ᠎ᠠ ᠬᠢᠬᠦ ᠪᠤᠶᠤ ᠨᠡᠶᠢᠭᠡᠮ ᠤᠨ ᠪᠠᠶᠢᠳᠠᠯ | ᠠᠷᠠᠳ ᠤᠨ ᠰᠠᠨᠠᠭ᠎ᠠ ᠶᠢ ᠤᠶᠢᠯᠠᠭᠠᠭᠠᠳ ᠶᠠᠭᠠᠷᠠᠨ᠎ᠠ᠃ ᠲᠡᠳᠡᠨ ᠤ ᠬᠢᠵᠦ ᠪᠠᠶᠢᠭ᠎ᠠ ᠠᠵᠢᠯ ᠲᠥᠷᠥᠯ ᠨᠢ ᠬᠡᠳᠦ᠋ᠪᠡᠷ ᠠᠳᠠᠯᠢ | ᠦᠭᠡᠢ ᠪᠣᠯᠪᠠᠴᠤ᠂ ᠲᠡᠳᠡᠨ ᠳᠤ ︽ᠰᠠᠶᠢᠨ ᠳᠤᠷ᠎ᠠ ᠶᠢᠨ ᠴᠠᠭᠳᠠᠭ᠎ᠠ︾ ᠭᠡᠰᠡᠨ ᠬᠠᠮᠲᠤ ᠶᠢᠨ ᠨᠡᠷ᠎ᠠ ᠲᠠᠢ᠃ | ︽ᠴᠠᠰᠤ ᠪᠣᠷᠣᠭᠠᠨ ᠲᠠᠢ ᠡᠳᠦᠷ ᠢ ᠭᠠᠷᠭᠠᠪᠠᠯ᠂ ᠪᠢᠳᠡ ᠲᠠᠩᠳᠠ ᠪᠠᠨ ᠬᠢᠯᠢ ᠴᠠᠬᠳᠠᠳᠠᠬ᠂ ᠡᠨᠡ ᠨᠢ ᠮᠠᠨ ᠤ ᠵᠠᠩᠰᠢᠯ | ᠪᠤᠯᠴᠢᠬᠠᠵᠠᠢ᠃︾ ᠸᠠᠩ ᠢᠦᠢ ᠹᠠ ᠶᠢᠨ ᠮᠠᠯᠵᠢᠯ ᠤᠨ ᠴᠡᠭ ᠨᠢ ᠬᠢᠯᠢ ᠶᠢᠨ ᠱᠤᠭᠤᠮ ᠠᠴᠠ ᠵᠥᠪᠬᠡᠨ 5 ᠺᠢᠯᠣᠮᠧᠲᠷ ᠵᠠᠶᠢᠲᠠᠢ | ᠃ 2019 ᠣᠨ ᠳᠤ ᠰᠠᠨᠠᠭᠠᠴᠢᠯᠠᠭ᠎ᠠ ᠠᠴᠠ ᠪᠠᠨ ︽ᠴᠠᠰᠤᠲᠤ ᠬᠤᠳᠠ ᠶᠢᠨ ᠵᠢᠷᠤᠮ ᠤᠨ ᠴᠠᠬᠳᠠᠭ᠎ᠠ︾ ᠪᠤᠯᠤᠬᠰᠠᠨ ᠠᠴᠠ | ᠨᠠᠭᠠᠰᠢ᠂ ᠸᠠᠩ ᠢᠦᠢ ᠹᠠ ᠬᠢᠯᠢ ᠴᠠᠭᠳᠠᠵᠤ ᠬᠢᠯᠢ ᠬᠢᠵᠠᠭᠠᠷ ᠢ ᠰᠠᠬᠢᠬᠤ ᠶᠢ ᠥᠪᠡᠷ ᠤᠨ ᠦᠢᠯᠡᠰ ᠢᠶᠠᠨ ᠪᠣᠯᠭᠠᠵᠤ᠂ ᠡᠳᠦᠷ | ᠪᠦᠷᠢ ᠮᠠᠯᠵᠢᠯ ᠤᠨ ᠴᠡᠭ ᠤᠨ ᠡᠷᠬᠢᠨ ᠲᠣᠭᠤᠷᠢᠨ ᠤ ᠬᠡᠳᠦᠨ ᠺᠢᠯᠤᠮᠤᠲᠷ ᠴᠢᠨᠠᠭᠰᠢᠯᠠᠪᠠᠯ ᠠᠷᠪᠠᠨ ᠬᠡᠳᠦᠨ ᠺᠢᠯᠤᠮᠤᠲᠷ ᠢᠶᠠᠷ | ᠲᠤᠭᠤᠷᠢᠨ ᠶᠠᠪᠤᠵᠤ᠂ ᠲᠠᠨᠢᠯ ᠪᠤᠰᠤ ᠬᠥᠮᠥᠨ ᠪᠤᠶᠤ ᠣᠨᠴᠠᠭᠠᠢ ᠤᠴᠢᠷ ᠪᠠᠶᠢᠬᠤ ᠡᠰᠡᠬᠦ ᠶᠢ ᠪᠠᠶᠢᠴᠠᠭᠠᠨ ᠦᠵᠡᠳᠡᠭ᠃ ︽ | ᠬᠢᠯᠢ ᠶᠢᠨ ᠡᠮᠦᠨ᠎ᠠ ᠵᠠᠬ᠎ᠠ ᠶᠢᠨ ᠬᠡᠰᠡᠭ ᠣᠷᠣᠨ ᠤ ᠭᠠᠵᠠᠷ ᠤᠨ ᠪᠠᠶᠢᠴᠠ ᠲᠡᠭᠰᠢ᠂ ᠡᠪᠡᠰᠦ ᠪᠡᠯᠴᠢᠭᠡᠷ ᠰᠠᠶᠢᠨ ᠣᠶ ᠰᠢᠭᠤᠢ | ᠢᠭᠴᠤ᠂ ᠬᠢᠯᠢ ᠶᠢᠨ ᠦᠢᠯᠡᠳᠪᠦᠷᠢᠯᠡᠯ ᠤᠨ ᠣᠯᠠᠨ ᠠᠵᠢᠯᠯᠠᠬᠤ ᠴᠡᠭ ᠲᠠᠢ ᠪᠣᠯᠬᠤᠷ ᠬᠠᠤᠯᠢ ᠠᠴᠠ ᠵᠥᠷᠢᠴᠡᠭᠰᠡᠨ ᠠᠰᠠᠭᠤᠳᠠᠯ | ᠠᠮᠠᠷᠬᠠᠨ ᠭᠠᠷᠳᠠᠬ᠃︾ ᠬᠢᠯᠢ ᠶᠢᠨ ᠱᠤᠭᠤᠮ ᠤᠨ ᠪᠠᠶᠢᠳᠠᠯ ᠢ ᠸᠠᠩ ᠢᠦᠢ ᠹᠠ ᠠᠯᠠᠭᠠᠨ ᠤ ᠵᠢᠷᠤᠭᠠᠰᠤ ᠪᠠᠨ ᠠᠳᠠᠯᠢ ᠰᠠᠶᠢᠨ | ᠮᠡᠳᠡᠵᠦ᠂ ᠬᠢᠯᠢ ᠶᠢᠨ ᠬᠦᠰᠢᠶ᠎ᠠ᠂ ᠬᠢᠯᠢ ᠶᠢᠨ ᠱᠣᠩ ᠴᠢᠨᠠᠭᠰᠢᠯᠠᠪᠠᠯ ᠲᠣᠰᠬᠤᠨ ᠪᠠ ᠡᠷᠦᠬᠡ ᠶᠢᠨ ᠪᠠᠶᠢᠳᠠᠯ ᠢ ᠴᠤ ᠰᠠᠶᠢᠨ | ᠮᠡᠳᠡᠳᠡᠭ᠃ | 2021 ᠣᠨ ᠤ 3 ᠰᠠᠷ᠎ᠠ ᠳᠤ᠂ ᠢᠷᠪᠢᠰ ᠣᠷᠣᠨ ᠳᠤ ᠶᠡᠭᠡ ᠴᠠᠰᠤ ᠣᠷᠣᠵᠤ᠂ ᠬᠢᠯᠢ ᠶᠢᠨ ᠠᠷᠠᠳ ᠯᠢ ᠹᠦ ᠶᠢᠨ | ᠬᠤᠨᠢᠨ ᠰᠦᠷᠦᠭ ᠨᠢ ᠦᠷᠬᠦᠵᠦ᠂ 200 ᠭᠠᠷᠤᠢ ᠬᠤᠨᠢ ᠨᠢ ᠠᠯᠠᠭ᠎ᠠ ᠪᠤᠯᠪᠠ᠃ ᠸᠠᠩ ᠢᠦᠢ ᠹᠠ ᠲᠡᠷᠡ ᠳᠠᠷᠤᠢ ᠳᠤᠨᠢ | ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠲᠠᠢ ᠬᠠᠶᠢᠯᠲᠠ ᠬᠢᠵᠦ᠂ ᠨᠢᠭᠡ ᠤᠷᠤᠢ ᠶᠢᠨ ᠴᠢᠷᠮᠠᠶᠢᠯᠭ᠎ᠠ ᠪᠠᠷ ᠳᠡᠮᠵᠢᠨ᠂ ᠯᠢ | ᠹᠦ ᠶᠢᠨ ᠬᠤᠨᠢ ᠶᠢ ᠬᠢᠯᠢ ᠶᠢᠨ ᠱᠤᠭᠤᠮ ᠠᠴᠠ ᠵᠦᠪᠬᠡᠨ 800 ᠮᠧᠲᠷ ᠵᠠᠶᠢᠲᠠᠢ ᠭᠠᠵᠠᠷ ᠠᠴᠠ ᠪᠦᠬᠦᠨ ᠢ ᠡᠷᠢᠵᠦ ᠤᠯᠵᠠᠢ᠃ | ᠬᠢᠯᠢ ᠴᠠᠭᠳᠠᠬᠤ ᠠᠩᠭᠢ ᠠᠭᠤᠯᠠ ᠤᠰᠤ᠂ ᠣᠶ ᠰᠢᠭᠤᠢ ᠶᠢᠨ ᠬᠤᠭᠤᠷᠣᠨᠳᠤ ᠰᠦᠯᠵᠢᠯᠳᠦᠵᠦ᠂ ᠶᠠᠭ ᠯᠠ ᠨᠢᠭᠡᠨ ᠪᠠᠲᠤ | ᠪᠠᠬᠢ ᠨᠡᠬᠦᠳᠡᠯ ᠬᠢᠯᠢ ᠶᠢᠨ ᠬᠦᠰᠢᠶ᠎ᠠ ᠰᠢᠭ ᠶᠤᠮ᠃ ᠣᠲᠣ ᠸᠠᠩ ᠢᠦᠢ ᠹᠠ ᠶᠢᠨ ᠨᠥᠯᠥᠭᠡ ᠪᠠᠷ᠂ ᠨᠠᠩ ᠣᠯᠠᠨ ᠬᠢᠯᠢ ᠶᠢᠨ | ᠠᠷᠠᠳ ᠰᠠᠶᠢᠨ ᠳᠤᠷ᠎ᠠ ᠠᠴᠠ ᠪᠠᠨ ︽ᠴᠠᠰᠤᠲᠤ ᠬᠤᠲᠠ ᠶᠢᠨ ᠵᠢᠷᠤᠮ ᠤᠨ ᠴᠠᠬᠳᠠᠭ᠎ᠠ︾ ᠶᠢᠨ ᠡᠩᠨᠡᠭᠡᠨ ᠳᠤ ᠣᠷᠣᠵᠤ᠂ | ᠭᠠᠭᠴᠠ ᠬᠦ ᠢᠷᠪᠢᠰ ᠬᠢᠯᠢ ᠶᠢᠨ ᠲᠣᠮᠢᠯᠠᠭᠰᠠᠨ ᠰᠠᠯᠪᠤᠷᠢ ᠶᠢᠨ ᠬᠠᠷᠢᠶᠠᠨ ᠳᠤ 681 ᠬᠥᠮᠥᠨ ᠢ ᠡᠯᠰᠡᠨ ᠠᠪᠴᠠᠢ᠃ ︽ᠬᠢᠯᠢ | ᠬᠠᠮᠠᠭᠠᠯᠠᠬᠤ ᠲᠣᠭᠤᠷᠢᠨ ᠴᠠᠭᠳᠠᠬᠤ ᠠᠩᠭᠢ︾ ᠠᠴᠠ ︽ᠬᠠᠶᠢᠷ᠎ᠠ ᠬᠠᠯᠠᠮᠵᠢ ᠶᠢᠨ ᠰᠤᠷᠤᠬᠴᠢᠳ ᠢ ᠬᠠᠮᠠᠭᠠᠯᠠᠬᠤ ᠠᠵᠢᠯ ᠤᠨ | ᠪᠠᠶᠢᠷᠢ︾ ᠬᠦᠷᠲᠡᠯ᠎ᠠ᠂ ︽ᠬᠢᠵᠢᠭ ᠲᠠᠢ ᠲᠡᠮᠡᠴᠡᠬᠦ ᠭᠠᠪᠰᠢᠭᠠᠢ ᠠᠩᠭᠢ︾ ᠠᠴᠠ ︽ᠠᠯᠲᠠᠨ ᠮᠧᠳᠠᠯᠳᠤ ᠡᠶᠡᠳᠡᠭᠦᠯᠦᠭᠴᠢ︾ | ᠬᠦᠷᠲᠡᠯ᠎ᠡ᠂ ᠮᠠᠰᠢ ᠤᠯᠠᠨ ᠡᠩᠨᠡᠭᠡ ᠨᠦᠭᠦᠳ ᠦᠪᠡᠷ ᠦᠪᠡᠷ ᠤᠨ ᠳᠤᠲᠠᠭᠳᠠᠵᠤ ᠪᠣᠯᠣᠰᠢ ᠦᠭᠡᠢ ᠦᠢᠯᠡᠳᠦᠯ ᠢᠶᠠᠨ | ᠪᠠᠳᠠᠷᠠᠭᠤᠯᠵᠤ ᠶᠠᠪᠤᠨ᠎ᠠ᠃ | ᠡᠭᠦᠨ ᠠᠴᠠ ᠭᠠᠳᠠᠨ᠎ᠠ᠂ ᠲᠣᠮᠢᠯᠠᠭᠰᠠᠨ ᠰᠠᠯᠪᠤᠷᠢ ᠨᠢ ᠬᠢᠯᠢ ᠶᠢᠨ ᠡᠭᠦᠷᠭᠡ ᠭᠦᠢᠴᠡᠳᠭᠡᠬᠦ ᠴᠡᠭ ᠲᠤ ᠲᠦᠰᠢᠭᠯᠡᠨ ︽ | ᠬᠢᠯᠢ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ + ᠬᠢᠯᠢ ᠬᠠᠮᠠᠭᠠᠯᠠᠭᠴᠢ + ᠰᠠᠶᠢᠨ ᠳᠤᠷ᠎ᠠ ᠶᠢᠨ ᠴᠠᠬᠳᠠᠭ᠎ᠠ︾ ᠶᠢᠨ | ᠵᠠᠭᠪᠤᠷ ᠢ ᠬᠡᠷᠡᠭᠵᠢᠭᠦᠯᠵᠦ᠂ ᠬᠢᠯᠢ ᠶᠢᠨ ᠬᠠᠮᠢᠶᠠᠷᠤᠯᠳᠠ ᠶᠢᠨ ᠬᠦᠴᠦᠨ ᠢ ᠲᠠᠷᠠᠬᠠᠢ ᠪᠤᠲᠠᠷᠬᠠᠢ ᠬᠡᠯᠪᠡᠷᠢ ᠠᠴᠠ ᠡᠷᠴᠢᠮᠵᠢᠭᠰᠡᠨ | ᠬᠡᠯᠪᠡᠷᠢ ᠲᠡᠶᠢᠰᠢ ᠬᠤᠪᠢᠷᠠᠭᠤᠯᠬᠤ ᠶᠢ ᠪᠡᠶᠡᠯᠡᠭᠦᠯᠵᠦ᠂ ︽ᠬᠢᠯᠢ ᠶᠢᠨ ᠠᠵᠢᠯᠯᠠᠬᠤ ᠴᠡᠭ ᠪᠣᠯ ᠳᠠᠷᠤᠢ ᠬᠠᠷᠠᠭᠤᠯ ᠤᠨ ᠭᠠᠵᠠᠷ | ᠮᠥᠨ᠂ ᠬᠢᠯᠢ ᠶᠢᠨ ᠠᠷᠠᠳ ᠪᠣᠯ ᠳᠠᠷᠤᠢ ᠬᠠᠷᠠᠭᠤᠯ ᠤᠨ ᠴᠡᠷᠢᠭ ᠮᠥᠨ︾ ᠭᠡᠬᠦ ᠰᠠᠶᠢᠨ ᠰᠠᠶᠢᠬᠠᠨ ᠪᠠᠶᠢᠷᠢᠰᠢᠯ ᠢ | ᠪᠦᠷᠢᠯᠳᠦᠭᠦᠯᠵᠡᠢ᠃ | ᠦᠨᠡᠨᠴᠢ ᠰᠡᠳᠭᠢᠯ ᠰᠢᠷᠭᠠᠭᠤ ᠴᠢᠷᠮᠠᠶᠢᠯᠭ᠎ᠠ ᠪᠠᠷ ᠴᠠᠬᠳᠠᠭᠠᠨ ᠤ ᠶᠠᠪᠤᠳᠠᠯ ᠤᠨ ᠲᠤᠬᠳᠠᠴᠠ ᠶᠢᠨ ᠦᠬᠡᠷᠡᠴᠢᠯᠡᠯᠳᠡ ᠶᠢ | ᠠᠬᠢᠭᠤᠯᠤᠨ᠎ᠠ | 6 ᠮᠢᠨᠦ᠋ᠲ ᠤᠨ ᠳᠠᠷᠠᠭ᠎ᠠ ᠠᠮᠤᠷ ᠢ ᠬᠠᠮᠠᠭᠠᠯᠠᠬᠤ ᠴᠠᠬᠳᠠᠨ ᠲᠤᠭᠤᠷᠢᠬᠤ ᠳᠤᠭᠤᠶᠢᠯᠠᠩ ᠬᠠᠷᠢᠶᠠᠳᠦ ᠣᠷᠣᠨ ᠳᠤᠨᠢ | ᠨᠢᠭᠤᠨ ᠳᠠᠯᠳᠠᠯᠠᠭᠰᠠᠨ ᠰᠦᠯᠵᠢᠶᠡᠨ ᠳᠡᠭᠡᠷᠡᠬᠢ ᠤᠷᠭᠤᠳᠠᠭᠤᠯ ᠬᠡᠷᠡᠭᠲᠡᠨ ᠢ ᠪᠠᠷᠢᠪᠴᠢᠯᠠᠪᠠ︔ 40 ᠺᠢᠯᠤᠮᠧᠲᠷ ᠤᠨ | ᠴᠠᠭᠠᠨ᠎ᠠ ᠠᠴᠠ᠂ ᠢᠷᠪᠢᠰ ᠬᠢᠯᠢ ᠶᠢᠨ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠮᠠᠰᠢᠨ ᠲᠡᠷᠭᠡ ᠵᠢᠯᠣᠭᠤᠳᠤᠨ ᠭᠠᠳᠠᠷ | ᠣᠷᠣᠨ ᠤ ᠵᠢᠭᠤᠯᠴᠢᠯᠠᠬᠰᠠᠳ ᠲᠤ ᠭᠡᠭᠡᠭᠰᠡᠨ ᠭᠠᠷ ᠤᠲᠠᠰᠤ ᠶᠢ ᠨᠢ ᠡᠷᠢᠨ ᠤᠯᠵᠤ ᠦᠭᠴᠡᠢ ᠁ ᠵᠠᠮ ᠲᠡᠭᠡᠷ᠎ᠠ ᠭᠠᠷᠴᠤ᠂ | ᠵᠡᠬᠡᠯᠢ ᠲᠡᠭᠡᠷ᠎ᠠ ᠵᠢᠵᠢᠬᠦᠷᠯᠡᠨ᠂ ᠨᠡᠶᠢᠬᠡᠮ ᠲᠤᠭᠤᠷᠢᠬ ᠲᠤ ᠬᠦᠷᠴᠦ᠂ 24 ᠴᠠᠭ ᠢᠶᠠᠷ ᠲᠣᠭᠤᠷᠢᠨ ᠴᠠᠭᠳᠠᠵᠦ᠂ ᠲᠦᠭ | ᠲᠦᠮᠡᠨ ᠡᠷᠦᠬᠡ ᠶᠢᠨ ᠠᠮᠤᠷ ᠠᠮᠤᠭᠤᠯᠠᠩ ᠢ ᠰᠠᠬᠢᠨ ᠬᠠᠮᠠᠭᠠᠯᠠᠨ᠎ᠠ᠃ | ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠶᠤᠯ ᠲᠦᠭᠰᠢᠭᠦᠷᠢ ᠶᠢ ᠠᠷᠢᠯᠭᠠᠬᠤ ᠪᠣᠯ ᠢᠷᠪᠢᠰ ᠬᠢᠯᠢ ᠶᠢᠨ ᠲᠣᠮᠢᠯᠠᠭᠰᠠᠨ | ᠰᠠᠯᠪᠤᠷᠢ ᠶᠢᠨ ᠴᠠᠭᠳᠠᠭ᠎ᠠ ᠶᠢᠨ ᠠᠵᠢᠯ ᠤᠨ ᠳᠤᠮᠳᠠᠬᠢ ︽ᠵᠠᠪᠠᠯ ᠬᠠᠷᠢᠭᠤᠯᠬᠤ ᠰᠡᠳᠦᠪ︾ ᠪᠣᠯᠣᠨ᠎ᠠ᠃ ︽ᠴᠠᠭᠳᠠᠭ᠎ᠠ ᠨᠠᠷ | ᠴᠠᠭ ᠲᠠᠭᠠᠨ ᠬᠦᠷᠴᠦ ᠢᠷᠡᠭᠰᠡᠨ ᠳᠡᠭᠡᠨ ᠪᠣᠯᠵᠠᠢ᠂ ᠪᠠᠰᠠ ᠨᠢᠭᠡ ᠮᠢᠨᠦ᠋ᠲ ᠣᠷᠦ᠋ᠢᠲᠠᠪᠠᠯ 10 ᠲᠦᠮᠡᠨ ᠲᠥᠭᠦᠷᠢᠭ ᠢ ᠪᠠᠷᠤᠭ | ᠰᠢᠯᠵᠢᠭᠦᠯᠴᠢᠬᠡᠨᠠ᠃︾ ᠯᠢᠨ ᠬᠠᠢ ᠵᠡᠭᠡᠯᠢ ᠭᠤᠳᠤᠮᠵᠢ ᠶᠢᠨ ᠵᠧᠩ ᠠᠪᠠᠭ᠋ᠠᠢ ᠥᠪᠡᠷ ᠤᠨ ᠪᠡᠶ᠎ᠠ ᠳᠡᠭᠡᠷ᠎ᠠ ᠨᠢ ᠡᠭᠦᠰᠦᠭᠰᠡᠨ | ᠰᠦᠯᠵᠢᠶᠡᠨ ᠤ ᠮᠡᠬᠡᠯᠡᠯ ᠤᠨ ᠬᠡᠷᠡᠭ ᠢ ᠳᠤᠷᠠᠳᠬᠤ ᠳᠤ ᠮᠥᠨ ᠯᠡ ᠠᠶᠤᠳᠠᠰᠤ ᠬᠦᠷᠴᠦ ᠪᠠᠶᠢᠯ᠎ᠠ᠃ | ᠲᠦᠷᠦᠭᠦᠬᠡᠨ᠂ ᠴᠠᠭᠳᠠᠭ᠎ᠠ ᠨᠠᠷ ᠤᠷᠢᠳᠴᠢᠯᠠᠨ ᠰᠡᠷᠡᠮᠵᠢᠯᠡᠭᠦᠯᠬᠦ ᠵᠠᠳᠠᠯᠤᠯᠲᠠ ᠪᠠᠷ ᠳᠡᠮᠵᠢᠨ᠂ ᠵᠧᠩ ᠠᠪᠠᠭ᠋ᠠᠢ ᠨᠢᠭᠡᠨ | ᠪᠠᠩᠬᠢ ᠳᠤ 10 ᠲᠦᠮᠡᠨ ᠲᠥᠭᠦᠷᠢᠭ ᠢ ᠥᠯᠥ ᠲᠠᠨᠢᠬᠤ ᠬᠥᠮᠥᠨ ᠤ ᠲᠠᠩᠰᠠᠨ ᠳᠤ ᠰᠢᠯᠵᠢᠭᠦᠯᠬᠦ ᠪᠠᠷ ᠪᠠᠶᠢᠬᠤ ᠶᠢ ᠣᠯᠵᠤ | ᠮᠠᠲᠠᠵᠠᠢ᠃ ᠴᠠᠭᠳᠠᠭ᠎ᠠ ᠨᠠᠷ ᠬᠦᠷᠴᠦ ᠢᠷᠡᠭᠰᠡᠨ ᠤ ᠳᠠᠷᠠᠭ᠎ᠠ᠂ ᠬᠦᠯᠢᠴᠡᠩᠭᠦᠢ ᠪᠠᠷ ᠬᠠᠷᠢᠯᠴᠠᠵᠤ᠂ ᠮᠡᠬᠡᠯᠡᠭᠴᠢ ᠶᠢᠨ ᠮᠡᠬᠡᠯᠡᠬᠦ | ᠠᠷᠭ᠎ᠠ ᠪᠠᠰᠢᠷ ᠢ ᠲᠤᠬᠠᠢ ᠶᠢᠨ ᠲᠠᠯᠠᠪᠤᠷ ᠲᠤ ᠦᠵᠡᠭᠦᠯᠵᠦ᠂ 2 ᠴᠠᠭ ᠭᠠᠷᠤᠢ ᠶᠢᠨ ᠢᠳᠬᠠᠯ ᠢᠶᠠᠷ ᠳᠡᠮᠵᠢᠨ᠂ | ᠠᠮᠵᠢᠯᠲᠠ ᠲᠠᠢ ᠪᠠᠷ ᠲᠠᠩᠰᠠ ᠰᠢᠯᠵᠢᠭᠦᠯᠬᠦ ᠶᠢ ᠢᠳᠬᠠᠨ ᠬᠤᠷᠢᠭᠯᠠᠵᠤ᠂ ᠵᠧᠩ ᠠᠪᠠᠭ᠋ᠠᠢ ᠶᠢᠨ 10 ᠲᠦᠮᠡᠨ ᠲᠥᠭᠦᠷᠢᠭ | ᠵᠣᠭᠤᠰ ᠢ ᠬᠠᠮᠠᠭᠠᠯᠠᠪᠠ᠃ | ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠦᠭᠡᠢ᠂ ᠦᠨᠳᠦᠰᠦᠨ ᠱᠠᠲᠤᠨ ᠤ ᠴᠠᠭᠳᠠᠭᠠᠨ ᠤ ᠠᠵᠢᠯ ᠳᠤ | ᠠᠪᠴᠤ ᠬᠡᠯᠡᠪᠡᠯ ᠨᠠᠩ ᠴᠤ ᠡᠶᠢᠮᠦ ᠪᠢᠯᠡ᠃ ᠣᠶᠢᠷ᠎ᠠ ᠶᠢᠨ ᠵᠢᠯ ᠠᠴᠠ ᠨᠠᠭᠠᠰᠢ᠂ ᠢᠷᠪᠢᠰ ᠬᠢᠯᠢ ᠶᠢᠨ ᠲᠣᠮᠢᠯᠠᠭᠰᠠᠨ ᠰᠠᠯᠪᠤᠷᠢ | ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠵᠠᠰᠠᠯᠲᠠ ᠶᠢᠨ ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠢ | ᠠᠬᠢᠭᠤᠯᠵᠤ᠂ ︽ᠬᠤᠶᠠᠷ ᠠᠩᠭᠢ ᠨᠢᠭᠡ ᠲᠠᠰᠤᠭ︾ ᠤᠨ ᠴᠠᠭᠳᠠᠭᠠᠨ ᠤ ᠶᠠᠪᠤᠳᠠᠯ ᠤᠨ ᠲᠣᠭᠲᠠᠴᠠ ᠶᠢᠨ | ᠥᠭᠡᠷᠡᠴᠢᠯᠡᠯᠲᠡ ᠶᠢ ᠬᠡᠷᠡᠭᠵᠢᠭᠦᠯᠵᠦ᠂ ᠲᠤᠰᠬᠠᠢ ᠮᠡᠷᠭᠡᠵᠢᠯ ᠤᠨ ᠲᠦᠪᠰᠢᠨ ᠢᠶᠠᠷ ᠥᠨᠳᠥᠷ ᠴᠠᠭᠳᠠᠭ᠎ᠠ ᠶᠢ ᠰᠣᠩᠭᠤᠨ | ᠶᠡᠷᠦᠩᠬᠡᠶᠢᠯᠡᠭᠰᠡᠨ ᠵᠢᠯᠤᠭᠤᠳᠬᠤ ᠲᠠᠰᠤᠭ ᠢ ᠪᠠᠶᠢᠭᠤᠯᠵᠤ᠂ ᠲᠣᠮᠢᠯᠠᠭᠰᠠᠨ ᠰᠠᠯᠪᠤᠷᠢ ᠶᠢᠨ ᠤᠶᠤᠨᠴᠢ ᠴᠠᠭᠳᠠᠭᠠᠨ ᠤ | ᠶᠠᠪᠤᠳᠠᠯ ᠤᠨ ︽ᠬᠠᠮᠤᠭ ᠤᠨ ᠬᠦᠴᠦᠷᠬᠡᠭ ᠡᠩᠨᠡᠭᠡ︾ ᠶᠢ ᠴᠣᠭᠴᠠᠯᠠᠬᠤ ᠶᠢᠨ ᠬᠠᠮᠲᠤ ᠨᠡᠶᠢᠭᠡᠮ ᠲᠣᠭᠤᠷᠢᠭ ᠤᠨ | ᠴᠠᠭᠳᠠᠭᠠᠨ ᠤ ᠶᠠᠪᠤᠳᠠᠯ ᠤᠨ ᠠᠩᠭᠢ ᠪᠣᠯᠣᠨ ᠬᠡᠷᠡᠭ ᠰᠢᠢᠳᠪᠦᠷᠢᠯᠡᠬᠦ ᠠᠩᠭᠢ ᠶᠢ ᠪᠠᠶᠢᠭᠤᠯᠪᠠ᠃ ᠳᠠᠬᠢᠨ ᠳᠠᠪᠲᠠᠨ ᠵᠢᠩᠬᠢᠨᠢ | ᠲᠠᠶᠢᠯᠠᠯᠳᠤᠭᠠᠨ ᠬᠢᠬᠦ ᠪᠠᠷ ᠳᠠᠮᠵᠢᠭᠤᠯᠤᠨ᠂ ᠲᠣᠮᠢᠯᠠᠭᠰᠠᠨ ᠰᠠᠯᠪᠤᠷᠢ ᠨᠢ ᠵᠢᠵᠢᠭ ᠬᠡᠷᠡᠭ ᠢ ᠲᠦᠷᠭᠡᠨ ᠲᠠᠩᠨᠠᠨ ᠪᠠᠶᠢᠴᠠᠭᠠᠬᠤ | ᠠᠷᠭ᠎ᠠ ᠪᠠᠷᠢᠯ ᠢ ᠳ᠋ᠦᠩᠨᠡᠨ ᠭᠠᠷᠭᠠᠵᠤ᠂ ︽ᠵᠢᠵᠢᠭ ᠬᠡᠷᠡᠭ ᠢ ᠲᠦᠷᠭᠡᠨ ᠢᠯᠡᠷᠡᠭᠦᠯᠵᠦ᠂ ᠠᠷᠠᠳ ᠤᠨ ᠠᠮᠢᠳᠤᠷᠠᠯ ᠳᠤ | ᠦᠢᠯᠡᠴᠢᠯᠡᠬᠦ︾ ᠶᠢ ᠦᠨᠡᠨ ᠬᠦ ᠪᠡᠶᠡᠯᠡᠭᠦᠯᠪᠡ᠃ | 2019 ᠣᠨ ᠠᠴᠠ ᠨᠠᠭᠠᠰᠢ᠂ ᠮᠤᠵᠢ ᠠᠯᠤᠰᠯᠠᠨ ᠬᠠᠭᠤᠷᠤᠨ ᠮᠡᠬᠡᠯᠡᠭᠰᠡᠨ 1 ᠬᠡᠷᠡᠭ ᠢ ᠢᠯᠡᠷᠡᠭᠦᠯᠵᠦ᠂ ︽ᠱᠠᠯᠢᠭ | ᠵᠠᠪᠬᠠᠢ ᠵᠣᠭᠤᠰ ᠮᠥᠷᠦ᠋ᠴᠡᠭᠰᠡᠨ ᠬᠤᠣᠷᠲᠤ ᠡᠳ᠋ ᠫᠠᠨᠽᠠᠯᠠᠭᠰᠠᠨ︾ ᠬᠡᠷᠡᠭ ᠢ 55 ᠪᠠᠶᠢᠴᠠᠭᠠᠨ ᠰᠢᠢᠳᠪᠦᠷᠢᠯᠡᠵᠦ᠂ ᠴᠠᠬᠢᠯᠭᠠᠨ | ᠬᠤᠯᠪᠤᠭ᠎ᠠ ᠰᠦᠯᠵᠢᠶᠡᠨ ᠤ ᠮᠡᠬᠡᠯᠡᠯ ᠤᠨ ᠬᠡᠷᠡᠭ ᠢ 18 ᠪᠠᠶᠢᠴᠠᠭᠠᠨ ᠰᠢᠢᠳᠪᠦᠷᠢᠯᠡᠵᠦ᠂ ᠣᠯᠠᠨ ᠲᠦᠮᠡᠨ ᠳᠤ 60 ᠭᠠᠷᠤᠢ | ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠪᠠ᠃ 2021 ᠣᠨ ᠠᠴᠠ ᠨᠠᠭᠠᠰᠢ᠂ | ᠬᠠᠷᠢᠶᠠᠳᠦ ᠣᠷᠣᠨ ᠤ ᠡᠷᠡᠭᠦᠦ ᠶᠢᠨ ᠬᠡᠷᠡᠭ ᠤᠨ ᠬᠡᠷᠡᠭ ᠢᠯᠡᠷᠡᠭᠦᠯᠦᠭᠰᠡᠨ ᠨᠣᠷᠮ᠎ᠠ᠂ ᠠᠮᠤᠷ ᠢ ᠬᠠᠮᠠᠭᠠᠯᠠᠬᠤ ᠬᠡᠷᠡᠭ ᠤᠨ ᠬᠡᠷᠡᠭ | ᠳᠠᠭᠤᠰᠬᠠᠭᠰᠠᠨ ᠨᠣᠷᠮ᠎ᠠ ᠳᠤᠰ ᠳᠤᠰ 56.94 % ᠪᠠ 60.83 % ᠳᠤ ᠬᠦᠷᠴᠦ᠂ ᠡᠷᠡᠭᠦᠦ ᠶᠢᠨ ᠬᠡᠷᠡᠭ᠂ ᠠᠮᠤᠷ ᠢ | ᠬᠠᠮᠠᠭᠠᠯᠠᠬᠤ ᠬᠡᠷᠡᠭ ᠤᠨ ᠪᠠᠶᠢᠳᠠᠯ ᠲᠣᠰ ᠲᠣᠰ 53 % ᠪᠠ 37 % ᠪᠠᠷ ᠪᠠᠭᠤᠷᠠᠬᠰᠠᠨ ᠪᠠᠶᠢᠨ᠎ᠠ᠃ | | | | | ↗ ᠵᠢᠷᠤᠬ ᠲᠤ᠂ ᠢᠷᠪᠢᠰ ᠬᠢᠯᠢ ᠶᠢᠨ ᠳᠤᠮᠢᠯᠠᠬᠰᠠᠨ ᠰᠠᠯᠪᠤᠷᠢ ᠶᠢᠨ ᠴᠠᠬᠳᠠᠭ᠎ᠠ ᠨᠠᠷ ᠬᠢᠯᠢ ᠶᠢᠨ | ᠬᠠᠮᠠᠭᠠᠯᠠᠬᠴᠢᠳ ᠲᠠᠢ ᠬᠠᠮᠳᠦ ᠠᠵᠢᠯᠯᠠᠨ᠎ᠠ᠃ | | |