ᠬᠤᠸᠠ ᠷᠦᠨ ᠦᠪᠤᠷ ᠮᠤᠩᠭᠤᠯ ᠤᠨ ᠡᠮ ᠡᠮᠨᠡᠯᠭᠡ ᠶᠢᠨ ᠬᠢᠵᠠᠭᠠᠷᠳᠦ ᠺᠤᠮᠫᠠᠨᠢ ᠪᠠᠢ ᠯᠠᠩ ᠪᠠᠯᠭᠠᠰᠦ ᠪᠠᠷ ᠬᠦᠨᠵᠡᠭᠡᠶᠢᠷᠡᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/6/3
     ᠦᠷᠭᠡᠨ ᠤᠯᠠᠨ ᠰᠠᠭᠤᠭᠠᠯᠢ ᠠᠷᠠᠳ ᠤᠨ ᠡᠷᠡᠬᠦᠯ ᠡᠩᠭᠡ ᠶᠢᠨ ᠦᠵᠡᠯ ᠤᠬᠠᠮᠰᠠᠷ ᠢ ᠳᠡᠭᠡᠭᠰᠢᠯᠡᠬᠦᠯᠵᠦ᠂ ᠪᠦᠬᠦ ᠪᠠᠯᠭᠠᠰᠤᠨ ᠤ ᠰᠠᠭᠤᠭᠠᠯᠢ ᠠᠷᠠᠳ ᠤᠨ ᠡᠷᠡᠬᠦᠯ ᠡᠩᠭᠡ ᠳᠤ ᠪᠠᠳᠤᠯᠠᠭ᠎ᠠ ᠬᠠᠨᠭ᠍ᠭᠠᠬᠤ ᠪᠠᠷ᠂ ᠷᠠᠰᠢᠶᠠᠨ ᠬᠤᠳᠠ ᠶᠢᠨ ᠪᠠᠢ ᠯᠠᠩ ᠪᠠᠯᠭᠠᠰᠤ ᠶᠢᠨ ᠨᠠᠮ ᠤᠨ ᠬᠤᠷᠢᠶ᠎ᠠ ᠵᠠᠰᠠᠬ ᠤᠨ ᠤᠷᠳᠤᠨ ᠠᠴᠠ ᠷᠠᠰᠢᠶᠠᠨ ᠤ ᠬᠤᠸᠠ ᠷᠦᠨ ᠬᠦᠰᠡᠯ ᠢᠨᠵᠧᠨ᠋ᠷᠢᠩ ᠤᠨ ᠵᠢᠵᠢᠭ ᠪᠠᠯᠭᠠᠰᠦ ᠶᠢᠨ ᠲᠦᠷᠦᠯ ᠵᠦᠢᠯ ᠤᠨ ᠳᠤᠭᠤᠶᠢᠯᠠᠩ ᠲᠠᠢ ᠬᠤᠯᠪᠤᠭᠠᠯᠠᠨ ᠬᠤᠸᠠ ᠷᠦᠨ ᠦᠪᠦᠷ ᠮᠤᠩᠭᠤᠯ ᠤᠨ ᠡᠮ ᠡᠮᠨᠡᠯᠭᠡ ᠶᠢᠨ ᠬᠢᠵᠠᠭᠠᠷᠳᠦ ᠺᠤᠮᠫᠠᠨᠢ ᠲᠠᠢ ᠢᠳᠡᠪᠬᠢᠳᠠᠢ ᠵᠤᠯᠭᠠᠯᠴᠠᠵᠦ᠂ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃      ᠠᠵᠢᠯᠯᠠᠭᠠᠨ ᠳᠤ᠂ ᠪᠠᠢ ᠯᠠᠩ ᠪᠠᠯᠭᠠᠰᠤᠨ ᠠᠴᠠ ᠬᠤᠸᠠ ᠷᠦᠨ ᠦᠪᠤᠷ ᠮᠤᠩᠭᠤᠯ ᠤᠨ ᠡᠮ ᠡᠮᠨᠡᠯᠭᠡ ᠶᠢᠨ ᠬᠢᠵᠠᠭᠠᠷᠳᠦ ᠺᠤᠮᠫᠠᠨᠢ ᠶᠢᠨ ᠨᠠᠮ ᠤᠨ ᠶᠡᠷᠦᠩᠭᠡᠢ ᠡᠬᠦᠷ ᠤᠨ ᠭᠡᠰᠢᠬᠦᠨ᠂ ᠳᠡᠳ᠋ ᠶᠡᠷᠦᠩᠭᠡᠢ ᠳᠠᠭᠠᠭᠠᠮᠠᠯ ᠯᠢ ᠹᠸᠢ ᠪᠤᠯᠤᠨ ᠬᠦᠭᠡᠬᠤᠳᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ ᠳᠤᠰᠬᠠᠢ ᠮᠡᠷᠭᠡᠵᠢᠯᠳᠡᠨ ᠵᠤᠤ ᠬᠠᠢ ᠶᠤᠸᠠᠨ᠂ ᠵᠤᠤ ᠶᠠᠨ ᠳᠤ ︽ᠰᠢᠯᠢᠳᠡᠭ ᠳᠤᠰᠬᠤᠨ ᠤ ᠠᠷᠠᠳ︾ ᠤᠨ ᠦᠨᠡᠮᠯᠡᠯ ᠭᠠᠷᠳᠠᠭᠤᠯᠪᠠ᠃ ᠠᠯᠪᠠᠨ ᠵᠢᠷᠤᠮ ᠤᠨ ᠡᠮᠴᠢᠯᠡᠭᠡᠨ ᠳᠤ᠂ ᠳᠤᠰᠬᠠᠢ ᠮᠡᠷᠭᠡᠵᠢᠯᠳᠡᠨ ᠠᠴᠠ ᠳᠤᠮᠳᠠᠳᠤ ᠡᠸᠦ᠋ᠷᠦᠫᠠ ᠡᠮᠨᠡᠯᠭᠡ ᠶᠢ ᠬᠠᠷᠢᠯᠴᠠᠨ ᠤᠶᠠᠯᠳᠤᠭᠤᠯᠬᠤ ᠭᠡᠯᠪᠡᠷᠢ ᠪᠠᠷ ᠳᠤᠬᠠᠢ ᠶᠢᠨ ᠭᠠᠵᠠᠷ ᠤᠨ ᠰᠠᠭᠤᠭᠠᠯᠢ ᠠᠷᠠᠳ ᠲᠤ ᠵᠢᠷᠦᠭᠡ ᠳᠠᠷᠢᠬᠢᠨ ᠴᠢᠰᠤᠨ ᠰᠤᠳᠠᠯ᠂ ᠴᠢᠰᠤᠨ ᠳᠠᠷᠤᠯᠳᠠ᠂ ᠠᠭᠤᠰᠬᠢ᠂ ᠬᠤᠳᠤᠭᠤᠳᠦ ᠵᠡᠷᠭᠡ ᠦᠷᠬᠦᠯᠵᠢ ᠳᠤᠬᠢᠶᠠᠯᠳᠤᠬᠤ ᠡᠪᠡᠳᠴᠢᠨ ᠳᠤ ᠪᠠᠶᠢᠴᠠᠭᠠᠯᠳᠠ ᠬᠢᠵᠦ᠂ ᠬᠠᠷᠠᠭᠠᠯᠵᠠᠬᠰᠠᠨ ᠡᠮᠴᠢᠯᠡᠭᠡᠨ ᠤ ᠵᠢᠯᠤᠭᠤᠳᠤᠮᠵᠢ ᠬᠠᠨᠭ᠍ᠭᠠᠨ᠂ ᠰᠤᠪᠢᠯᠠᠨ ᠵᠠᠰᠠᠬᠤ ᠮᠡᠳᠡᠯᠭᠡ ᠤᠯᠠᠮᠵᠢᠯᠠᠪᠠ᠃      ︽ᠪᠠᠯᠭᠠᠰᠤᠨ ᠠᠴᠠ ᠪᠠᠨ ᠭᠠᠷᠤᠯ ᠦᠭᠡᠢ ᠪᠠᠷ ᠳᠤᠰᠬᠠᠢ ᠮᠡᠷᠭᠡᠵᠢᠯᠳᠡᠨ ᠲᠠᠢ ᠨᠢᠭᠤᠷᠳᠠᠨ ᠤᠨᠤᠰᠢᠯᠠᠨ ᠡᠮᠴᠢᠯᠡᠬᠦᠯᠬᠦ ᠪᠤᠯᠤᠯ᠎ᠠ᠂ ᠨᠠᠮ ᠤᠨ ᠬᠤᠷᠢᠶ᠎ᠠ ᠵᠠᠰᠠᠬ ᠤᠨ ᠤᠷᠳᠤᠨ ᠤ ᠬᠠᠶᠢᠷ᠎ᠠ ᠬᠠᠯᠠᠮᠵᠢ ᠳᠤ ᠳᠠᠯᠠᠷᠬᠠᠵᠦ ᠪᠠᠶᠢᠨ᠎ᠠ︾ ᠭᠡᠵᠦ ᠰᠠᠭᠤᠭᠠᠯᠢ ᠠᠷᠠᠳ ᠸᠠᠩ ᠤᠪᠤᠬᠳᠥ ᠶᠠᠷᠢᠨ᠎ᠠ᠃ ᠡᠬᠦᠨ ᠠᠴᠠ ᠭᠠᠳᠠᠨ᠎ᠠ᠂ ᠪᠠᠢ ᠯᠠᠩ ᠪᠠᠯᠭᠠᠰᠤᠨ ᠠᠴᠠ ᠪᠠᠰᠠ ᠡᠯᠪᠡᠭ ᠠᠭᠤᠯᠭ᠎ᠠ ᠪᠦᠬᠦᠢ ᠡᠷᠡᠬᠦᠯ ᠡᠩᠭᠡ ᠶᠢᠨ ᠤᠬᠠᠭᠤᠯᠭ᠎ᠠ ᠶᠢᠨ ᠠᠵᠢᠯᠠᠯᠭ᠎ᠠ ᠦᠷᠨᠢᠬᠦᠯᠵᠦ᠂ ᠰᠠᠭᠤᠭᠠᠯᠢ ᠠᠷᠠᠳ ᠲᠤ ᠡᠷᠡᠬᠦᠯ ᠡᠩᠭᠡ ᠶᠢᠨ ᠮᠡᠳᠡᠯᠭᠡ ᠤᠯᠠᠮᠵᠢᠯᠠᠬᠰᠠᠨ ᠮᠦᠷᠳᠡᠭᠡᠨ ᠬᠤᠸᠠ ᠷᠦᠨ ᠦᠪᠤᠷ ᠮᠤᠩᠭᠤᠯ ᠤᠨ ᠡᠮ ᠡᠮᠨᠡᠯᠭᠡ ᠶᠢᠨ ᠬᠢᠵᠠᠭᠠᠷᠳᠦ ᠺᠤᠮᠫᠠᠨᠢ ᠶᠢᠨ ᠨᠠᠮ ᠤᠨ ᠭᠡᠰᠢᠬᠦᠳ ᠢ ᠨᠡᠶᠢᠭᠡᠮ ᠳᠤᠭᠤᠷᠢᠬ ᠢᠶᠠᠷ ᠬᠦᠨᠵᠡᠭᠡᠶᠢᠷᠡᠬᠦᠯᠵᠦ᠂ ᠠᠬᠠᠮᠠᠳ ᠨᠠᠮ ᠤᠨ ᠭᠡᠰᠢᠬᠦᠨ ᠤ ᠬᠤᠪᠢᠰᠬᠠᠯᠳᠦ ᠦᠯᠢᠭᠡᠷ ᠢ ᠰᠤᠨᠤᠰᠴᠦ᠂ ᠪᠠᠢ ᠯᠠᠩ ᠪᠠᠯᠭᠠᠰᠤᠨ ᠤ ᠠᠬᠠᠮᠠᠳ ᠨᠠᠮ ᠤ ᠭᠡᠰᠢᠬᠦᠳ ᠤᠨ ᠰᠢᠷᠭᠠᠭᠤ ᠬᠠᠳᠠᠭᠤᠵᠢᠯᠳᠠᠢ ᠪᠠᠷ ᠦᠢᠯᠡᠰ ᠪᠤᠰᠬᠠᠬᠰᠠᠨ ᠵᠠᠮ ᠮᠦᠷ ᠢ ᠤᠶᠢᠯᠠᠭᠠᠭᠤᠯᠵᠠᠢ᠃ ︵ᡁᠢ ᠮᠢᠨ ᠰᠢᠶᠤᠤ ᠶᠠᠨ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号