ᠸᠠᠩ ᠰᠢᠶᠤᠤ ᠬᠤᠸᠠᠨ ᠪᠠᠢ ᠯᠠᠩ ᠪᠣᠯᠣᠨ ᠡᠦ ᠴᠠ ᠭᠸᠤ ᠪᠠᠯᠭᠠᠰᠣ ᠪᠠᠷ ᠬᠦᠷᠴᠣ ᠭᠤᠣᠯᠳᠡᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/6/3
     6 ᠰᠠᠷ᠎ᠠ ᠶᠢᠨ 1 ᠤ ᠡᠳᠦᠷ᠂ ᠷᠡᠰᠢᠶᠠᠨ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠰᠢᠶᠤᠤ ᠬᠤᠸᠠᠨ ᠪᠠᠢ ᠯᠠᠩ ᠪᠠᠯᠭᠠᠰᠤ᠂ ᠡᠦ ᠴᠠ ᠭᠸᠤ ᠪᠠᠯᠭᠠᠰᠣ ᠪᠠᠷ ᠭᠦᠨᠵᠡᠭᠡᠶᠢᠷᠡᠨ ᠬᠤᠸᠠ ᠷᠦᠨ ᠬᠦᠰᠠᠯᠡᠩᠳᠣ ᠪᠠᠯᠭᠠᠰᠤ᠂ ᠠ ᠯᠠᠨ ᠳ᠋ᠦ᠋ ᠬᠠᠯᠠᠭᠤᠨ ᠷᠠᠰᠢᠶᠠᠨ ᠤ ᠪᠠᠭᠤᠳᠠᠯ᠂ ︽ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠬ︾ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠶᠤᠯᠭᠦᠢ ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠠᠢ᠃      ᠸᠠᠩ ᠰᠢᠶᠤᠤ ᠬᠤᠸᠠᠨ᠂ ᠲᠥᠷᠥᠯ ᠵᠣᠶᠢᠯ ᠤᠨ ᠤᠬᠠᠮᠰᠠᠷ ᠢᠶᠠᠨ ᠴᠢᠩᠭᠠᠳᠬᠠᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ ᠲᠥᠷᠥᠯ ᠵᠣᠶᠢᠯ ᠤᠨ ᠡᠯᠧᠮᠧᠨ᠋ᠲ ᠤᠨ ᠪᠠᠲᠤᠯᠠᠭ᠎ᠠ ᠶᠢ ᠪᠠᠲᠤᠯᠠᠵᠤ᠂ ᠲᠥᠷᠥᠯ ᠵᠣᠶᠢᠯ ᠤᠨ ᠬᠡᠷᠡᠭᠵᠢᠭᠦᠯᠦᠯᠲᠡ ᠶᠢᠨ ᠲᠣᠬᠢᠷᠠᠭᠤᠯᠤᠯᠲᠠ ᠶᠢ ᠴᠢᠩᠭᠠᠳᠬᠠᠨ᠂ ᠭᠤᠤᠯᠳᠠᠯᠭ᠎ᠠ ᠲᠠᠢ ᠲᠥᠷᠥᠯ ᠵᠣᠶᠢᠯ ᠢ ᠲᠣᠭᠲᠠᠭᠰᠠᠨ ᠲᠥᠯᠥᠪᠯᠡᠭᠡ ᠶᠣᠰᠣᠭᠠᠷ ᠲᠣᠭᠲᠠᠭᠰᠠᠨ ᠬᠤᠭᠤᠴᠠᠭᠠᠨ ᠳᠤ ᠠᠬᠢᠭᠤᠯᠬᠤ ᠶᠢ ᠡᠷᠡᠰ ᠪᠠᠲᠤᠯᠠᠬᠤ ᠬᠡᠷᠡᠭᠲᠡᠶ᠃ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠠᠶᠢᠴᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠣᠬᠰᠠᠨ ᠪᠠᠯᠭᠠᠰᠤ ᠲᠣᠰᠬᠤᠨ ᠤ ᠤᠨᠴᠠᠯᠢᠭᠳᠤ ᠠᠵᠤ ᠦᠢᠯᠡᠰ ᠢ ᠬᠥᠭᠵᠢᠭᠦᠯᠵᠦ᠂ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠬᠥᠭᠵᠢᠭᠦᠯᠵᠦ᠂ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠣᠨ᠂ ᠬᠠᠮᠲᠤ ᠶᠢᠨ ᠠᠵᠤ ᠠᠬᠤᠢ ᠶᠢᠨ ᠪᠣᠳᠠᠲᠤ ᠬᠦᠴᠦᠨ ᠢ ᠦᠨᠡᠨ ᠬᠦ ᠴᠢᠩᠭᠠᠳᠬᠠᠵᠤ᠂ ᠨᠡᠩ ᠤᠯᠠᠨ ᠠᠷᠡᠳ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ᠃ ᠬᠥᠳᠡᠯᠦᠩᠭᠦᠶ ᠪᠠᠷ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ ᠰᠠᠶᠢᠲᠤᠷ ᠥᠷᠨᠢᠭᠦᠯᠵᠦ᠂ ᠣᠷᠣᠨ ᠰᠠᠭᠤᠴᠠ ᠪᠠ ᠤᠤᠭᠤᠬᠤ ᠤᠰᠤᠨ ᠤ ᠠᠮᠤᠷ ᠲᠦᠪᠰᠢᠨ᠂ ᠡᠮᠴᠢᠯᠡᠭᠡᠨ ᠤ ᠪᠠᠲᠤᠯᠠᠭ᠎ᠠ ᠵᠡᠷᠭᠡ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠠᠶᠢᠩᠭᠤ ᠶᠢᠨ ᠴᠢᠨᠠᠷᠲᠠᠶ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠪᠠ ᠱᠠᠯᠠᠪᠳᠡᠭᠤᠯᠣᠨ ᠬᠠᠪᠰᠤᠷᠴᠤ ᠳᠡᠭᠡᠭᠰᠢᠯᠡᠭᠦᠯᠬᠦ ᠶᠢ ᠴᠢᠩᠭᠠᠳᠬᠠᠵᠤ᠂ ᠣᠯᠠᠨ ᠲᠦᠮᠡᠨ ᠤ ᠪᠣᠳᠠᠲᠠᠶ ᠬᠦᠴᠢᠷᠳᠡᠯ ᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠶ᠃ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠢ ᠰᠠᠶᠢᠲᠤᠷ ᠥᠷᠨᠢᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠳᠥᠯᠭᠢᠨ ᠠᠬᠢᠭᠤᠯᠵᠤ᠂ ᠣᠯᠠᠨ ᠲᠦᠮᠡᠨ ᠢ ᠥᠷᠭᠡᠨ ᠢᠶᠠᠷ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠪᠠᠯᠭᠠᠰᠤ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠣᠷᠣᠰᠢᠨ ᠰᠠᠭᠤᠷᠢᠰᠢᠬᠤ ᠳᠤ ᠲᠠᠭᠠᠯᠠᠮᠵᠢᠳᠡᠢ ᠪᠥᠭᠡᠳ ᠠᠵᠢᠯ ᠣᠶᠢᠯᠡᠰ ᠡᠷᠭᠢᠯᠡᠬᠦ ᠳᠤ ᠲᠣᠬᠢᠷᠠᠮᠵᠢᠲᠠᠶ  ᠲᠣᠭᠤᠷᠢᠨ ᠦᠵᠡᠰᠬᠦᠯᠡᠩᠳᠣ ᠰᠠᠶᠢᠬᠠᠨ ᠲᠣᠰᠬᠤᠨ ᠪᠠᠯᠭᠠᠰᠣ ᠶᠢ ᠪᠥᠲᠥᠭᠡᠨ ᠪᠠᠶᠢᠭᠤᠯᠬᠤ ᠬᠡᠷᠡᠭᠲᠡᠶ ᠭᠡᠵᠣ ᠴᠢᠬᠤᠯᠠᠴᠢᠯᠠᠵᠡᠢ᠃      ᠸᠠᠩ ᠰᠢᠶᠤᠤ ᠬᠤᠸᠠᠨ ᠨᠠᠷ ᠪᠠᠰᠠ ᠵᠠᠮ ᠳᠠᠭᠠᠤ ᠲᠣᠭᠤᠷ ᠤᠨ ᠭᠤᠣᠯ ᠤᠨ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠪᠣᠯᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠠᠬᠢ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠤᠨ ᠪᠠᠶᠢᠳᠠᠯ ᠢ ᠪᠠᠶᠢᠴᠠᠭᠠᠨ ᠦᠵᠡᠪᠡ᠃
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号