ᠸᠠᠩ ᠰᠢᠶᠤᠤ ᠬᠤᠸᠠᠨ 2024 ᠣᠨ ᠤ ᠳᠥᠷᠪᠡᠳᠦᠭᠡᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/3
     5 ᠰᠠᠷ᠎ᠠ ᠶᠢᠨ 30 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ 2024 ᠣᠨ ᠤ ᠳᠥᠷᠪᠡᠳᠦᠭᠡᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠵᠢᠷᠭᠤᠭᠠᠨ ᠢᠨᠵᠧᠨᠧᠷᠢᠩ︾᠂ 12345 ᠬᠠᠯᠠᠮᠰᠢᠯ ᠤᠲᠠᠰᠤ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ︽ᠷᠠᠰᠢᠶᠠᠨ ᠬᠤᠳᠠ ᠶᠢᠨ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠪᠠᠶᠢᠩᠭᠤ ᠶᠢᠨ ᠲᠤᠭ᠎ᠠ ᠪᠦᠷᠢᠳᠬᠡᠯ ᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠬᠰᠠᠨ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠴᠡᠭᠴᠡᠯᠡᠨ ᠰᠠᠶᠢᠵᠢᠷᠠᠭᠤᠯᠬᠤ ᠲᠥᠰᠦᠯ︾᠂ ᠡᠳ᠋ ᠬᠦᠷᠦᠩᠭᠡ ᠶᠢ ᠰᠢᠯᠵᠢᠭᠦᠯᠦᠨ ᠲᠤᠰᠢᠶᠠᠬᠤ᠂ ᠶᠡᠭᠡ ᠲᠣᠭᠠᠨ ᠤ ᠵᠠᠷᠤᠯᠭ᠎ᠠ ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠤᠨ ᠬᠢᠨᠠᠨ ᠵᠥᠪᠯᠡᠵᠡᠢ᠃      ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠳᠤ ᠴᠢᠭᠯᠡᠭᠦᠯᠣᠨ᠂ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠡᠯ᠎ᠡ ᠲᠦᠷᠦᠯ ᠤᠨ ᠢᠨᠵᠧᠨᠧᠷᠢᠩ ᠢ ᠦᠨᠡᠨ ᠬᠦ ᠴᠢᠩᠭ᠎ᠠ ᠠᠳᠬᠤᠵᠤ᠂ ︽ᠵᠢᠷᠭᠤᠭᠠᠨ ᠢᠨᠵᠧᠨᠧᠷᠢᠩ︾ ᠢ ᠪᠣᠳᠠᠲᠠᠢ ᠠᠳᠬᠤᠵᠤ᠂ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ ᠠᠰᠢᠭᠲᠠᠢ ᠲᠦᠷᠦ ᠶᠢᠨ ᠪᠤᠳᠤᠯᠭ᠎ᠠ ᠪᠠᠷ ᠬᠥᠭᠵᠢᠯᠲᠡ ᠳᠤ ᠬᠦᠴᠦᠨ ᠨᠡᠮᠡᠷᠢᠯᠡᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ ᠂ ᠵᠥᠪ ᠣᠨᠣᠪᠴᠢᠲᠠᠶ ᠠᠵᠢᠯ ᠤᠨ ᠪᠦᠲᠦᠮᠵᠢ ᠶᠢᠨ ᠦᠵᠡᠯᠲᠡ᠂ ᠬᠥᠭᠵᠢᠯᠲᠡ ᠶᠢᠨ ᠦᠵᠡᠯᠲᠡ᠂ ᠲᠤᠭ᠎ᠠ ᠪᠠᠷᠢᠮᠲᠠ ᠶᠢᠨ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠪᠦᠷᠢᠳᠭᠡᠪᠡᠰᠣ ᠵᠣᠬᠢᠬᠤ ᠶᠢ ᠨᠢ ᠪᠦᠬᠦᠨ ᠢ ᠪᠦᠷᠢᠳᠭᠡᠵᠣ ᠂ ᠶᠠᠭᠠᠬᠢᠭᠰᠠᠨ ᠴᠤ ᠬᠤᠳᠠᠯ ᠬᠠᠭᠤᠷᠮᠠᠭ ᠵᠣᠬᠢᠶᠠᠬᠤ ᠥᠬᠡᠶ᠂ ᠰᠢᠨᠵᠢᠯᠡᠬᠦ ᠤᠬᠠᠭᠠᠨᠴᠢ ᠪᠠᠷ᠂ ᠵᠦᠶ ᠵᠣᠬᠢᠰᠲᠠᠶ ᠪᠠᠷ ᠲᠠᠶᠢᠴᠢᠯᠡᠨ ᠵᠢᠯᠣᠭᠤᠳᠬᠤ ᠶᠢ ᠡᠷᠡᠰ ᠪᠡᠶᠡᠯᠡᠭᠦᠯᠵᠦ᠂ ᠲᠤᠭ᠎ᠠ ᠪᠦᠷᠢᠳᠬᠡᠯ ᠤᠨ ᠠᠵᠢᠯ ᠤᠨ ᠬᠤᠷᠢᠭ᠎ᠠ ᠱᠤᠭᠤᠮ ᠢ ᠦᠨᠡᠨ ᠬᠦ ᠰᠠᠬᠢᠬᠤ ᠬᠡᠷᠡᠭᠲᠡᠶ᠃ ᠡᠳ᠋ ᠤᠨ ᠵᠠᠰᠠᠭ ᠤᠨ ᠶᠡᠭᠡ ᠲᠣᠭᠠᠨ ᠤ ᠵᠠᠷᠤᠯᠭ᠎ᠠ ᠪᠠ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠥᠰᠦᠪ ᠤᠨ ᠵᠠᠷᠤᠯᠭ᠎ᠠ ᠶᠢ ᠵᠦᠢ ᠵᠣᠬᠢᠰᠲᠠᠶ ᠲᠥᠯᠥᠪᠵᠢᠭᠦᠯᠵᠦ᠂ ᠲᠦᠷᠣᠯ ᠵᠣᠶᠢᠯ ᠤᠨ ᠡᠳ᠋ ᠬᠦᠷᠦᠩᠭᠡ ᠶᠢ ᠬᠢᠨᠠᠨ ᠪᠤᠳᠤᠬᠤ᠂ ᠰᠢᠯᠵᠢᠭᠦᠯᠦᠨ ᠲᠤᠰᠢᠶᠠᠬᠤ ᠶᠢ ᠴᠢᠩᠭᠠᠳᠬᠠᠵᠤ᠂ ᠡᠳ᠋ ᠬᠦᠷᠦᠩᠭᠡ ᠶᠢᠨ ᠠᠯᠳᠡᠬᠳᠡᠯ ᠠᠴᠠ ᠵᠠᠶᠢᠯᠠᠰᠬᠢᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠬᠤᠳᠠ ᠶᠢᠨ ᠲᠣᠭᠤᠷᠢᠭ ᠤᠨ ᠬᠤᠳᠠ ᠶᠢᠨ ᠦᠵᠡᠮᠵᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠲᠦᠷᠦᠯ ᠵᠦᠢᠯ ᠤᠨ ᠪᠠᠷᠢᠯᠭ᠎ᠠ ᠳᠠᠭᠤᠰᠴᠤ ᠳ᠋ᠦᠩᠨᠡᠨ ᠪᠤᠳᠤᠬᠤ ᠵᠡᠷᠭᠡ ᠪᠤᠰᠤᠳ ᠪᠣᠳᠠᠲᠠᠢ ᠠᠵᠢᠯ ᠢ ᠰᠤᠳᠤᠯᠵᠠᠢ᠃
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号