ᠷᠠᠰᠢᠶᠠᠨ ᠬᠤᠳᠡ ᠪᠣᠯ ᠤᠯᠤᠰ ᠤᠨ ᠲᠤᠳᠤᠭᠠᠳᠤ ᠶᠢᠨ ᠨᠡᠷᠡᠲᠤ ᠵᠢᠭᠤᠯᠴᠢᠯᠠᠯ ᠤᠨ ᠤᠷᠤᠨ ᠮᠦᠨ᠃ 5A ᠲᠡᠰ ᠤᠨ | ᠦᠵᠡᠮᠵᠢ ᠶᠢᠨ ᠣᠷᠣᠨ ᠳᠤ ᠤᠯᠠᠨ ᠵᠢᠯ ᠠᠵᠢᠯᠯᠠᠬᠰᠠᠨ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠯᠢᠦ ᠹᠧᠩ ᠯᠢ | ᠄ ︽ᠷᠠᠰᠢᠶᠠᠨ ᠤ ᠳᠥᠷᠪᠡᠨ ᠤᠯᠠᠷᠢᠯ ᠤᠨ ᠦᠵᠡᠮᠵᠢ ᠭᠤᠶᠤ ᠰᠠᠶᠢᠬᠠᠨ᠂ ᠵᠢᠭᠤᠯᠴᠢᠯᠠᠬᠰᠠᠳ ᠣᠯᠠᠨ᠂ ᠪᠢᠳᠡᠨ ᠤ ᠮᠦᠷᠦᠨ | ᠳᠡᠭᠡᠷᠡᠬᠢ ᠡᠭᠦᠷᠭᠡ ᠶᠡᠷᠦ ᠠᠴᠠ ᠬᠦᠨᠳᠦ︾ ᠭᠡᠵᠦ ᠶᠠᠷᠢᠨ᠎ᠠ᠃ | ᠨᠢᠳᠤᠨᠤᠨ ᠤ 12 ᠰᠠᠷ᠎ᠠ ᠳᠤ᠂ ᠷᠠᠰᠢᠶᠠᠨ ᠤ ᠮᠥᠰᠥ ᠴᠠᠰᠤᠨ ᠤ ᠨᠠᠶᠢᠷ ᠤᠨ ᠠᠵᠢᠯᠯᠠᠭ᠎ᠠ ᠶᠢᠨ ᠠᠬᠤᠢ ᠲᠠᠯᠠᠪᠠᠢ ᠳᠤ᠂ | ᠯᠢᠦ ᠹᠧᠩ ᠯᠢ ᠬᠢᠷᠢᠨ ᠨᠤᠲᠤᠭᠲᠠᠶ ᠵᠢᠭᠤᠯᠴᠢᠯᠠᠬᠴᠢ ᠸᠠᠩ ᠨᠠᠰᠤᠳᠠᠨ ᠤ ᠲᠤᠰᠠᠯᠠᠮᠵᠢ ᠶᠢ ᠲᠤᠰᠪᠠ᠃ ᠸᠠᠩ ᠨᠠᠰᠤᠳᠠᠨ ᠭᠠᠷ | ᠤᠳᠠᠰᠤ ᠰᠠᠶᠢᠨ ᠬᠡᠷᠡᠭᠯᠡᠵᠦ ᠴᠢᠳᠠᠬᠤ ᠦᠭᠡᠢ ᠠᠴᠠ ᠵᠢᠭᠤᠯᠴᠢᠯᠠᠯ ᠤᠨ ᠪᠦᠯᠬᠦᠮ ᠤᠨ ᠵᠠᠮᠴᠢᠯᠠᠭᠴᠢ ᠲᠠᠢ ᠪᠠᠨ ᠬᠠᠷᠢᠯᠴᠠᠵᠤ | ᠳᠡᠶᠢᠯᠬᠦ ᠦᠭᠡᠢ ᠪᠤᠯᠵᠠᠢ᠃ ᠯᠢᠦ ᠹᠧᠩ ᠯᠢ ᠲᠠᠷᠦ᠋ᠢᠬᠠᠨ ᠨᠠᠰᠤᠲᠠᠨ ᠤ ᠭᠠᠷ ᠤᠲᠠᠰᠤ ᠪᠠᠷ ᠵᠢᠭᠤᠯᠴᠢᠯᠠᠯ ᠤᠨ ᠪᠦᠯᠬᠦᠮ ᠤᠨ | ᠵᠠᠮᠴᠢᠯᠠᠭᠴᠢ ᠲᠠᠢ ᠬᠠᠷᠢᠯᠴᠠᠵᠤ᠂ ᠨᠠᠰᠤᠲᠠᠨ ᠢ ᠬᠡᠯᠡᠯᠴᠡᠨ ᠲᠣᠭᠲᠠᠭᠰᠠᠨ ᠭᠠᠵᠠᠷ ᠲᠤ ᠬᠦᠷᠭᠡᠪᠡ᠃ ᠵᠢᠭᠤᠯᠴᠢᠯᠠᠯ ᠤᠨ | ᠪᠦᠯᠬᠦᠮ ᠢᠶᠠᠨ ᠣᠯᠤᠭᠰᠠᠨ ᠤ ᠳᠠᠷᠠᠭ᠎ᠠ᠂ ᠸᠠᠩ ᠨᠠᠰᠤᠳᠠᠨ᠄ ︽ᠷᠠᠰᠢᠶᠠᠨ ᠤ ᠦᠵᠡᠮᠵᠢ ᠨᠢ ᠭᠤᠶᠤ᠂ ᠷᠠᠰᠢᠶᠠᠨ ᠤ ᠬᠥᠮᠦᠨ | ᠨᠠᠩ ᠰᠠᠨᠠᠭ᠎ᠠ ᠰᠠᠶᠢᠳᠠᠢ︾ ᠭᠡᠵᠦ ᠰᠡᠳᠬᠢᠯ ᠲᠤᠬᠳᠤᠯᠤᠨ ᠬᠡᠯᠡᠨ᠎ᠠ᠃ | ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠳᠤ ᠡᠶᠢᠮᠦᠷᠬᠦᠤ ᠵᠢᠵᠢᠭ ᠰᠡᠵᠢᠬ ᠶᠠᠪᠤᠳᠠᠯ ᠤᠯᠠᠨ | ᠲᠤᠬᠢᠶᠠᠯᠳᠤᠨ᠎ᠠ᠃ ︽ᠵᠢᠭᠤᠯᠴᠢᠯᠠᠬᠰᠠᠳ᠂ ᠬᠤᠳᠠ ᠶᠢᠨ ᠠᠷᠠᠳ ᠲᠤ ᠲᠤᠰᠠᠯᠠᠮᠵᠢ ᠦᠵᠡᠬᠦᠯᠪᠡᠯ ᠮᠠᠰᠢ ᠪᠠᠶᠠᠷ ᠲᠠᠢ | ᠰᠠᠨᠠᠬᠳᠠᠨ᠎ᠠ᠂ ︿ᠴᠠᠰᠤᠲᠤ ᠬᠤᠳᠠ ᠶᠢᠨ ᠵᠢᠷᠤᠮ ᠤᠨ ᠴᠠᠭᠳᠠᠭ᠎ᠠ﹀ ᠠᠷᠠᠳ ᠲᠦᠮᠡᠨ ᠳᠤ ᠦᠢᠯᠡᠴᠢᠯᠡᠨ᠎ᠠ︾ ᠭᠡᠵᠤ ᠯᠢᠤ | ᠹᠸᠡᠭ ᠯᠢ ᠪᠤᠳᠤᠯ ᠢᠶᠠᠨ ᠲᠡᠯᠬᠡᠨ᠎ᠠ᠃ | ︽ᠴᠢ ᠲᠡᠷᠭᠡ ᠪᠠᠨ ᠵᠤᠬᠰᠤᠭᠠᠪᠠᠯ ᠪᠢ ᠵᠠᠮ ᠢ ᠴᠢᠨᠢ ᠪᠦᠭᠯᠡᠨᠠ︕︾ ᠡᠨᠡ ᠵᠢᠯ ᠤᠨ ᠬᠤᠶᠠᠳᠤᠭᠠᠷ ᠰᠠᠷ᠎ᠠ ᠶᠢᠨ | ᠦᠶ᠎ᠠ ᠪᠠᠷ᠂ ᠷᠠᠰᠢᠶᠠᠨ ᠬᠤᠲᠠ ᠶᠢᠨ ᠲᠢᠶᠠᠨ ᡂᠢ ᠪᠠᠯᠭᠠᠰᠤᠨ ᠤ ᠨᠢᠭᠡᠨ ᠪᠠᠭᠤᠳᠠᠯ ᠤᠨ ᠡᠮᠦᠨ᠎ᠠ᠂ ᠬᠤᠶᠠᠷ ᠵᠢᠯᠤᠭᠤᠴᠢ | ᠲᠡᠷᠭᠡᠨ ᠵᠣᠭᠰᠣᠭᠠᠯ ᠪᠤᠯᠢᠶᠠᠯᠳᠤᠨ ᠬᠠᠰᠬᠢᠷᠠᠭᠠᠳ ᠭᠠᠷ ᠬᠦᠳᠡᠯᠬᠦ ᠰᠢᠬᠠᠵᠤ᠂ ᠮᠠᠰᠢ ᠤᠯᠠᠨ ᠵᠢᠭᠤᠯᠴᠢᠯᠠᠬᠴᠢ ᠴᠤᠬᠯᠠᠷᠠᠪᠠ᠃ | ᠵᠢᠷᠤᠮ ᠤᠨ ᠴᠠᠭᠳᠠᠭ᠎ᠠ ᠮᠤᠩ ᠹᠠᠨ ᠴᠢᠩ ᠣᠯᠵᠤ ᠦᠵᠡᠭᠰᠡᠨ ᠤ ᠳᠠᠷᠠᠭ᠎ᠠ᠂ ᠬᠤᠶᠠᠷ ᠵᠢᠯᠤᠭᠤᠴᠢ ᠶᠢ ᠢᠳᠬᠠᠬᠤ ᠳᠤ ᠬᠡᠨ | ᠠᠯᠢᠨ ᠨᠢ ᠨᠠᠶᠢᠷ ᠲᠠᠯᠪᠢᠬᠤ ᠦᠭᠡᠢ᠃ ᠬᠡᠷᠡᠭ ᠤᠴᠢᠷ ᠬᠡᠴᠡᠭᠦᠳᠡᠬᠦ ᠠᠴᠠ ᠵᠠᠶᠢᠯᠠᠰᠭᠢᠬᠦ ᠶᠢᠨ ᠲᠥᠯᠥᠭᠡ᠂ ᠮᠧᠩ ᠹᠠᠨ ᠴᠢᠩ | ᠳᠠᠷᠦ᠋ᠢᠬᠠᠨ ᠲᠢᠶᠠᠨ ᠤᠤᠢ ᠬᠢᠯᠢ ᠶᠢᠨ ᠲᠣᠮᠢᠯᠠᠭᠰᠠᠨ ᠰᠠᠯᠪᠤᠷᠢ ᠳᠤ ᠮᠡᠳᠡᠭᠳᠡᠪᠡ᠃ ᠠᠷᠠᠳ ᠤᠨ ᠴᠠᠭᠳᠠᠭ᠎ᠠ ᠲᠤᠬᠠᠶ ᠶᠢᠨ | ᠲᠠᠯᠠᠪᠠᠶ ᠳᠤ ᠭᠦᠷᠦᠭᠰᠡᠨ ᠤ ᠳᠠᠷᠠᠭ᠎ᠠ ᠮᠤᠩ ᠹᠠᠨ ᠴᠢᠩ ᠲᠠᠢ ᠬᠠᠮᠲᠤ ᠵᠢᠯᠤᠭᠤᠴᠢ ᠶᠢ ᠢᠳᠬᠠᠬᠤ ᠶᠢᠨ ᠬᠠᠮᠲᠤ ᠡᠷᠬᠢᠨ | ᠲᠣᠭᠤᠷᠢᠨ ᠠᠴᠠ ᠲᠡᠷᠭᠡᠨ ᠵᠣᠭᠰᠣᠭᠠᠯ ᠡᠷᠢᠵᠤ᠂ ᠲᠡᠷᠭᠡ ᠵᠣᠭᠰᠣᠬᠤ ᠠᠰᠠᠭᠤᠳᠠᠯ ᠢ ᠰᠢᠢᠳᠪᠦᠷᠢᠯᠡᠵᠦ᠂ ᠵᠦᠷᠢᠴᠡᠯ | ᠰᠢᠷᠦᠭᠦᠰᠬᠦ ᠠᠴᠠ ᠵᠠᠶᠢᠯᠠᠰᠬᠢᠪᠠ᠃ | ᠤᠷᠢᠳᠴᠢᠯᠠᠨ ᠰᠡᠷᠭᠡᠶᠢᠯᠡᠬᠦ ᠠᠵᠢᠯ ᠢ ᠰᠠᠨᠠᠭᠠᠴᠢᠯᠠᠭ᠎ᠠ ᠲᠠᠢ ᠪᠦᠳᠦᠮᠵᠢᠳᠡᠢ ᠬᠢᠵᠦ᠂ ᠵᠥᠷᠢᠴᠡᠯ ᠢ ᠴᠢᠷᠮᠠᠶᠢᠨ | ᠨᠠᠮᠳᠠᠭᠤᠯᠵᠤ᠂ ᠵᠢᠭᠤᠷᠠᠯᠳᠤᠭᠠᠨ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠨ᠎ᠠ᠂ ᠡᠨᠡ ᠪᠣᠯ ︽ᠴᠠᠰᠤᠲᠤ ᠬᠤᠳᠠ ᠶᠢᠨ | ᠵᠢᠷᠤᠮ ᠤᠨ ᠴᠠᠭᠳᠠᠭ᠎ᠠ︾ ᠶᠢᠨ ᠴᠠᠭᠳᠠᠭᠠᠨ ᠤ ᠶᠠᠪᠤᠳᠠᠯ ᠢ ᠤᠷᠢᠳᠴᠢᠯᠠᠨ ᠰᠡᠷᠭᠡᠶᠢᠯᠡᠬᠦ ᠬᠦᠴᠦᠨ ᠪᠦᠬᠦᠢ ᠦᠢᠯᠡᠳᠦᠯᠭᠡ | ᠪᠣᠯᠤᠨ᠎ᠠ᠃ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠶᠢᠨ ᠲᠢᠶᠠᠨ ᡂᠢ ᠬᠤᠪᠢᠶᠠᠷᠢ ᠨᠡᠶᠢᠭᠡᠮᠯᠢᠭ ᠲᠤ 3 | ᠰᠠᠯᠠᠭ᠎ᠠ ︽ᠵᠢᠷᠤᠮ ᠤᠨ ᠴᠠᠭᠳᠠᠭ᠎ᠠ ᠶᠢᠨ ᠲᠣᠭᠤᠷᠢᠨ ᠴᠠᠭᠳᠠᠬᠤ ᠠᠩᠭᠢ︾ ᠪᠠᠶᠢᠵᠤ᠂ ︽1 ᠨᠡᠶᠢᠭᠡᠮ ᠲᠣᠭᠤᠷᠢᠭ ᠤᠨ | ᠠᠷᠠᠳ ᠤᠨ ᠴᠠᠭᠳᠠᠭ᠎ᠠ + 1 ᠵᠢᠷᠤᠮ ᠤᠨ ᠴᠠᠭᠳᠠᠭ᠎ᠠ ᠶᠢᠨ ᠲᠣᠭᠤᠷᠢᠨ ᠴᠠᠭᠳᠠᠬᠤ ᠠᠩᠭᠢ︾ ᠶᠢᠨ ᠠᠷᠭ᠎ᠠ ᠬᠡᠯᠪᠡᠷᠢ ᠶᠢ | ᠠᠪᠴᠤ᠂ ᠬᠠᠷᠢᠶᠠᠲᠤ ᠣᠷᠣᠨ ᠤ ᠬᠥᠮᠦᠨ ᠬᠠᠷ᠎ᠠ ᠴᠤᠬᠯᠠᠷᠠᠬᠰᠠᠨ ᠣᠷᠣᠨ ᠪᠦᠰᠡ ᠳᠤ ᠲᠣᠭᠤᠷᠢᠨ ᠴᠠᠭᠳᠠᠬᠤ ᠰᠡᠷᠭᠡᠶᠢᠯᠡᠨ | ᠡᠵᠡᠮᠳᠡᠬᠦ ᠠᠵᠢᠯ ᠢ ᠥᠷᠨᠢᠭᠦᠯᠪᠡ᠃ ᠡᠭᠦᠨ ᠠᠴᠠ ᠭᠠᠳᠠᠨ᠎ᠠ᠂ ᠲᠣᠭᠤᠷᠢᠨ ᠴᠠᠭᠳᠠᠬᠤ ᠠᠩᠭᠢ ᠪᠦᠷᠢ ᠳᠤ 5 ᠲᠤᠰᠬᠠᠶ ᠪᠤᠶᠤ | ᠲᠤᠰᠢᠶᠠᠯ ᠬᠠᠪᠰᠤᠷᠭᠠᠭᠰᠠᠨ ᠡᠶᠡᠳᠡᠭᠦᠯᠦᠭᠴᠢ ᠲᠣᠬᠢᠷᠠᠭᠤᠯᠵᠤ᠂ ᠠᠵᠢᠯ ᠤᠨ ᠳᠤᠮᠳᠠ ᠪᠠᠨ ︽ᠠᠷᠠᠳ ᠤᠨ ᠴᠠᠭᠳᠠᠭ᠎ᠠ + | ᠵᠢᠷᠤᠮ ᠤᠨ ᠴᠠᠭᠳᠠᠭ᠎ᠠ︾ ᠶᠢᠨ ᠠᠵᠢᠯ ᠤᠨ ᠠᠷᠭ᠎ᠠ ᠶᠢ ᠬᠡᠷᠡᠭᠵᠢᠭᠦᠯᠵᠦ᠂ ᠵᠢᠷᠤᠮ ᠤᠨ ᠴᠠᠭᠳᠠᠭ᠎ᠠ ᠶᠢᠨ ︽ᠬᠥᠮᠦᠨ ᠢ ᠲᠠᠨᠢᠬᠤ | ᠂ ᠭᠠᠵᠠᠷ ᠢ ᠮᠡᠳᠡᠬᠦ᠂ ᠪᠠᠶᠢᠳᠠᠯ ᠢ ᠤᠶᠢᠯᠠᠭᠠᠬᠤ︾ ᠳᠠᠪᠠᠭᠤᠯᠢᠭ ᠪᠤᠯᠤᠨ ᠠᠷᠠᠳ ᠤᠨ ᠴᠠᠭᠳᠠᠭ᠎ᠠ ᠶᠢᠨ ︽ᠬᠠᠤᠯᠢ ᠶᠢ ᠮᠡᠳᠡᠬᠦ᠂ | ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ᠂ ᠡᠶᠡᠳᠡᠭᠦᠯᠵᠦ ᠴᠢᠳᠠᠬᠤ︾ ᠳᠠᠪᠠᠭᠤᠯᠢᠭ ᠲᠠᠢ ᠤᠶᠠᠯᠳᠤᠭᠤᠯᠵᠤ᠂ ︽︵1 + | 1﹀ 2︾ ᠦᠷ᠎ᠡ ᠪᠦᠲᠦᠮᠵᠢ ᠳᠤ ᠬᠦᠷᠪᠡ᠃ |