ᠬᠤᠰᠢᠭᠤᠴᠢ ᠵᠢᠱᠢᠶᠠᠴᠢ ᠶᠢᠨ ᠣᠶᠢᠯᠡᠳᠣᠯ ᠢᠶᠠᠨ ᠬᠦᠢᠴᠠᠳ ᠪᠠᠳᠡᠷᠡᠭᠤᠯᠵᠣ ᠪᠠᠶᠢᠭ᠎ᠠ ᠵᠢᠷᠣᠮ ᠤᠨ ᠴᠠᠬᠳᠠᠭ᠎ᠠ
ᠨᠡᠶᠢᠲᠡᠯᠡᠭᠰᠡᠨ ᠴᠠᠭ᠄
2024/6/4
      66 ᠨᠠᠰᠤᠲᠠᠢ ᠸᠠᠩ ᠢᠦᠢ ᠹᠠ ᠬᠢᠯᠢ ᠪᠠᠨ ᠰᠠᠬᠢᠵᠤ ᠬᠢᠯᠢ ᠪᠠᠨ ᠮᠠᠨᠠᠭᠠᠳ ᠬᠤᠷᠢ ᠭᠠᠷᠤᠢ ᠵᠢᠯ ᠤᠨ ᠨᠢᠭᠤᠷ ᠢ ᠦᠵᠡᠵᠦ ᠪᠠᠶᠢᠨ᠎ᠠ᠃ ᠲᠡᠭᠦᠨ ᠤ ᠬᠠᠪᠤᠷᠵᠢᠶ᠎ᠠ ᠨᠢ ᠬᠢᠯᠢ ᠶᠢᠨ ᠱᠤᠭᠤᠮ ᠠᠴᠠ ᠵᠥᠪᠬᠡᠨ 5 ᠺᠢᠯᠣᠮᠧᠲᠷ ᠵᠠᠶᠢᠲᠠᠶ᠂ ᠬᠢᠯᠢ ᠨᠤᠳᠤᠭ ᠤᠨ ᠠᠯᠢᠪᠠ ᠪᠠᠶᠢᠳᠠᠯ ᠢ ᠠᠯᠠᠭᠠᠨ ᠵᠢᠷᠤᠭᠠᠰᠤ ᠪᠠᠨ ᠰᠢᠬ ᠲᠤᠳᠤᠬᠠᠨ ᠮᠡᠳᠡᠨ᠎ᠠ᠃ 2019 ᠣᠨ ᠳᠤ ᠲᠡᠷᠡ ᠰᠠᠨᠠᠭᠠᠴᠢᠯᠠᠭ᠎ᠠ ᠠᠴᠠ ᠪᠠᠨ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠪᠤᠯᠵᠤ᠂ ᠬᠢᠯᠢ ᠬᠢᠵᠠᠭᠠᠷ ᠤᠷᠤᠨ ᠤ ᠠᠮᠤᠷ ᠲᠤᠬᠳᠠᠭᠤᠨ ᠳᠤ ᠥᠪᠡᠷ ᠤᠨ ᠬᠦᠴᠦᠨ ᠴᠢᠳᠠᠯ ᠢᠶᠠᠨ ᠡᠷᠬᠦᠨ᠎ᠡ᠃ ᠸᠠᠩ ᠢᠤᠢ ᠹᠠ ᠤᠷᠢᠳ ᠬᠤᠵᠢᠳ ᠬᠢᠩᠭᠠᠨ ᠠᠶᠢᠮᠠᠭ ᠤᠨ ᠠᠷᠪᠠᠨ ᠰᠢᠯᠢᠳᠡᠭ ᠬᠢᠯᠢ ᠰᠠᠬᠢᠬᠴᠢ᠂ ᠦᠪᠡᠷᠳᠡᠭᠡᠨ ᠵᠠᠰᠠᠬᠤ ᠤᠷᠤᠨ ᠤ ᠰᠢᠯᠢᠳᠡᠭ ᠬᠢᠯᠢ ᠰᠠᠬᠢᠬᠴᠢ᠂ ︽ᠳᠤᠮᠳᠠᠳᠤ ᠤᠯᠤᠰ ᠤᠨ ᠰᠦᠯᠵᠢᠶᠡᠨ ᠤ ᠶᠠᠪᠤᠳᠠᠯ · ᠥᠪᠥᠷ ᠮᠣᠩᠭᠤᠯ ᠢ ᠳᠣᠭᠳᠣᠯᠤᠭᠤᠯᠤᠬᠰᠠᠨ︾ ᠠᠷᠪᠠᠨ ᠶᠡᠭᠡ ᠰᠦᠯᠵᠢᠶᠡᠨ ᠬᠥᠮᠦᠨ ᠵᠡᠷᠭᠡ ᠢᠷᠠᠭᠤ ᠠᠯᠳᠠᠷ ᠢ ᠬᠦᠷᠳᠡᠵᠦ ᠦᠩᠬᠡᠷᠡᠪᠡ᠃      2016 ᠣᠨ ᠤ ᠡᠪᠦᠯ᠂ ᠸᠠᠩ ᠢᠦᠢ ᠹᠠ ᠬᠢᠯᠢ ᠴᠠᠭᠳᠠᠬᠤ ᠦᠶ᠎ᠡ ᠳᠤ ᠴᠠᠰᠤᠨ ᠳᠡᠭᠡᠷᠡᠬᠢ ᠰᠡᠵᠢᠭᠯᠡᠯᠳᠡᠢ ᠬᠦᠯ ᠤᠨ ᠮᠥᠷ ᠢ ᠣᠯᠵᠤ ᠦᠵᠡᠯ᠎ᠠ᠂ ᠬᠠᠬᠢᠷ ᠡᠪᠦᠯ ᠬᠡᠨ ᠬᠦᠳᠡᠭᠡ ᠬᠡᠬᠡᠷ᠎ᠠ ᠬᠦᠶᠦᠬᠦ ᠪᠤᠢ︖ ᠣᠯᠠᠨ ᠵᠢᠯ ᠤᠨ ᠬᠢᠯᠢ ᠰᠠᠬᠢᠬᠰᠠᠨ ᠲᠤᠷᠰᠢᠯᠭ᠎ᠠ ᠪᠠᠷ ᠢᠶᠠᠨ ᠲᠡᠷᠡ ᠲᠣᠮᠢᠯᠠᠭᠰᠠᠨ ᠰᠠᠯᠪᠤᠷᠢ ᠳᠤ ᠤᠲᠠᠰᠤ ᠠᠪᠴᠤ᠂ ᠥᠪᠡᠷ ᠢᠶᠠᠨ ᠬᠠᠷᠢᠨ ᠮᠥᠷᠳᠡᠨ ᠳᠠᠭᠠᠵᠤ᠂ ᠡᠴᠤᠰ ᠲᠡᠭᠡᠨ ᠠᠷᠠᠳ ᠤᠨ ᠴᠠᠭᠳᠠᠭ᠎ᠠ ᠲᠠᠢ ᠬᠢᠯᠢ ᠬᠢᠵᠠᠭᠠᠷ ᠲᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ 2 ᠶᠠᠯᠠᠲᠤ ᠡᠲᠡᠭᠡᠳ ᠢ ᠪᠠᠷᠢᠪᠴᠢᠯᠠᠪᠠ᠃ ᠸᠠᠩ ᠢᠦᠶ ᠹᠠ ᠡᠳᠦᠷ ᠪᠦᠷᠢ ᠬᠢᠯᠢ ᠶᠢᠨ ᠱᠤᠭᠤᠮ ᠢᠶᠠᠷ ᠠᠷᠪᠠᠨ ᠬᠡᠳᠦᠨ ᠺᠢᠯᠣᠮᠧᠲᠷ ᠶᠠᠪᠤᠵᠤ ᠂ ᠲᠠᠨᠢᠯ ᠪᠤᠰᠤ ᠬᠥᠮᠦᠨ ᠪᠤᠶᠤ ᠣᠨᠴᠠᠭᠠᠶ ᠤᠴᠢᠷ ᠪᠠᠶᠢᠬᠤ ᠡᠰᠡᠬᠦ ᠶᠢ ᠦᠵᠡᠳᠡᠭ᠂ ︽ᠬᠢᠯᠢ ᠴᠠᠭᠳᠠᠬᠤ ᠨᠢ ᠬᠤᠨᠢ ᠮᠠᠯ ᠬᠠᠷᠢᠭᠤᠯᠬᠤ ᠲᠠᠢ ᠠᠳᠠᠯᠢ ᠪᠠᠷ ᠮᠢᠨᠦ ᠠᠮᠢᠳᠤᠷᠠᠯ ᠤᠨ ᠴᠢᠬᠤᠯᠠ ᠪᠥᠷᠢᠯᠳᠥᠭᠦᠨ ᠬᠡᠰᠡᠭ ᠪᠣᠯᠵᠠᠢ᠂ ᠬᠢᠯᠢ ᠪᠠᠨ ᠰᠠᠬᠢᠨ ᠬᠠᠮᠠᠭᠠᠯᠠᠬᠤ ᠨᠢ ᠪᠢᠳᠡᠨ ᠤ ᠬᠠᠷᠢᠭᠤᠴᠠᠯᠭ᠎ᠠ ᠮᠦᠨ︾ ᠭᠡᠵᠦ ᠬᠡᠯᠡᠨ᠎ᠠ᠃      ᠷᠠᠰᠢᠶᠠᠨ ᠬᠤᠲᠠ ᠶᠡᠭᠡ ᠬᠢᠩᠭᠠᠨ ᠳᠠᠪᠠᠭ᠎ᠠ ᠶᠢᠨ ᠪᠠᠷᠠᠭᠤᠨ ᠡᠮᠦᠨ᠎ᠡ ᠠᠭᠤᠯᠠ ᠶᠢᠨ ᠬᠤᠷᠮᠣᠶ ᠳᠤ ᠪᠠᠶᠢᠷᠢᠯᠠᠵᠤ᠂ ᠪᠠᠷᠠᠭᠤᠨ ᠬᠡᠰᠡᠭ ᠨᠢ ᠮᠣᠩᠭᠤᠯ ᠤᠯᠤᠰ ᠲᠠᠢ ᠬᠢᠯᠢ ᠨᠡᠶᠢᠯᠡᠵᠦ᠂ ᠬᠠᠷᠢᠶᠠᠲᠤ ᠣᠷᠣᠨ ᠳᠤ 93.434 ᠺᠢᠯᠣᠮᠧᠲᠷ ᠤᠨ ᠳᠤᠮᠳᠠᠳᠤ ᠮᠣᠩᠭᠤᠯ ᠤᠨ ᠬᠢᠯᠢ ᠶᠢᠨ ᠱᠤᠭᠤᠮ ᠲᠠᠢ᠂ ᠷᠠᠰᠢᠶᠠᠨ ᠬᠤᠳᠡ ᠶᠢᠨ ᠺᠠᠳ᠋ᠷ ᠤᠯᠠᠨ ᠲᠦᠮᠡᠨ ᠤ ᠡᠬᠡ ᠤᠯᠤᠰ ᠤᠨ ᠤᠮᠠᠷᠠᠲᠤ ᠬᠢᠯᠢ ᠢᠢᠨ ᠠᠮᠤᠷ ᠲᠦᠪᠰᠢᠨ ᠲᠤᠬᠳᠠᠭᠤᠨ ᠢ ᠬᠠᠮᠠᠭᠠᠯᠠᠬᠤ ᠬᠠᠷᠢᠭᠤᠴᠠᠯᠭ᠎ᠠ ᠬᠦᠨᠳᠤ ᠶᠡᠭᠡ ᠪᠠᠶᠢᠳᠠᠭ᠃      ᠸᠠᠩ ᠢᠦᠶ ᠹᠠ ᠮᠡᠳᠤ ᠶᠢᠨ ᠬᠦᠮᠦᠰ ᠤᠨ ᠲᠠᠶᠢᠴᠢᠯᠠᠯᠳᠠ ᠳᠠᠭᠠᠭᠤᠯᠭ᠎ᠠ ᠳᠤᠤᠷ᠎ᠠ᠂ ᠤᠯᠠᠮ ᠠᠴᠠ ᠣᠯᠠᠨ ᠬᠢᠯᠢ ᠶᠢᠨ ᠠᠷᠠᠳ ᠰᠠᠶᠢᠨ ᠳᠤᠷ᠎ᠠ ᠠᠴᠠ ᠪᠠᠨ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠢᠢᠨ ᠡᠩᠨᠡᠭᠡᠨ ᠳᠤ ᠣᠷᠣᠵᠤ᠂ ︽ᠨᠢᠭᠡ ᠬᠢᠯᠢ ᠬᠢᠵᠠᠭᠠᠷ ᠤᠨ ᠠᠵᠢᠯᠯᠠᠬᠤ ᠴᠡᠭ ᠪᠣᠯ ᠲᠠᠷᠤᠢ ᠨᠢᠭᠡ ᠬᠠᠷᠠᠭᠤᠯ ᠤᠨ ᠭᠠᠵᠠᠷ᠂ ᠨᠢᠭᠡ ᠬᠢᠯᠢ ᠶᠢᠨ ᠠᠷᠠᠳ ᠪᠣᠯ ᠨᠢᠭᠡ ᠬᠠᠷᠠᠭᠤᠯ ᠤᠨ ᠴᠡᠷᠢᠭ ᠮᠥᠨ︾ ᠭᠡᠬᠦ ᠬᠢᠯᠢ ᠶᠢᠨ ᠬᠠᠮᠢᠶᠠᠷᠤᠯᠳᠠ ᠶᠢᠨ ᠵᠠᠭᠪᠤᠷ ᠢ ᠪᠣᠶ ᠪᠣᠯᠭᠠᠭᠰᠠᠨ ᠪᠥᠭᠡᠳ ︽ᠤᠯᠤᠰ ᠢᠶᠠᠨ ᠬᠠᠶᠢᠷᠠᠯᠠᠬᠤ ᠬᠢᠴᠢᠶᠡᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠢᠴᠢᠶᠡᠯ᠂ ᠪᠦᠯᠬᠦᠮᠳᠡᠯ ᠤᠨ ᠬᠢᠴᠢᠶᠡᠯ᠂ ᠲᠠᠯᠠᠷᠬᠠᠯ ᠤᠨ ᠬᠢᠴᠢᠶᠡᠯ︾ ᠤᠨ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠪᠠ ᠬᠢᠯᠢ ᠶᠢᠨ ᠬᠠᠮᠠᠭᠠᠯᠠᠯᠲᠠ ᠶᠢᠨ ᠴᠡᠷᠢᠭ ᠴᠠᠬᠳᠠᠭ᠎ᠠ ᠲᠠᠢ ᠬᠠᠮᠲᠤ ᠪᠠᠷ ᠰᠤᠷᠤᠯᠴᠠᠵᠤ ᠬᠠᠷᠢᠯᠴᠠᠨ ᠬᠠᠪᠰᠤᠷᠤᠯᠴᠠᠵᠤ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠲᠤ ᠪᠠᠷ ᠪᠠᠳᠤᠯᠠᠨ᠎ᠠ᠃      ᠡᠳᠦᠭᠡ᠂ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢ᠂ ᠨᠡᠭᠦᠳᠡᠯ ᠠᠷᠠᠳ ᠤᠨ ᠬᠠᠮᠢᠶᠠᠷᠤᠯᠲᠠ ᠶᠢᠨ ᠴᠠᠭᠳᠠᠭ᠎ᠠ᠂ ︽ᠴᠠᠰᠤᠲᠤ ᠬᠤᠳᠠ ᠶᠢᠨ ᠵᠢᠷᠤᠮ ᠤᠨ ᠴᠠᠭᠳᠠᠭ᠎ᠠ︾᠂ ᠺᠠᠳ᠋ᠷ ᠤᠯᠠᠨ ᠲᠦᠮᠡᠨ ᠁ ᠰᠡᠳᠭᠢᠯ ᠨᠢᠭᠡᠳᠦᠨ ᠬᠢᠯᠢ ᠬᠢᠵᠠᠭᠠᠷ ᠢᠶᠠᠨ ᠰᠠᠬᠢᠵᠤ᠂ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠠᠮᠠᠭᠠᠯᠠᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠬᠠᠳᠠ ᠴᠢᠯᠠᠭᠤ ᠮᠡᠲᠦ ᠪᠠᠬᠢᠵᠢᠬᠦᠯᠦᠨ᠎ᠡ᠃
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号