ᠣᠶᠢᠷ᠎ᠠ ᠶᠢᠨ ᠵᠢᠯ ᠤᠨ ᠲᠤᠷᠰᠢ᠂ ᠬᠢᠩᠭᠠᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠨᠢ ︽ᠴᠠᠰᠤᠲᠤ | ᠬᠤᠲᠠ ᠶᠢᠨ ᠵᠢᠷᠤᠮ ᠤᠨ ᠴᠠᠭᠳᠠᠭ᠎ᠠ︾ ᠶᠢᠨ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ | ᠬᠦᠴᠦᠨ ᠢ ᠪᠤᠶᠢᠵᠢᠭᠤᠯᠤᠨ ᠬᠥᠭᠵᠢᠭᠦᠯᠵᠦ᠂ ᠣᠯᠠᠨ ᠲᠦᠮᠡᠨ ᠢ ᠵᠣᠬᠢᠶᠠᠨ ᠪᠠᠶᠢᠭᠤᠯᠵᠤ᠂ ᠣᠯᠠᠨ ᠲᠦᠮᠡᠨ ᠢ | ᠳᠠᠶᠢᠴᠢᠯᠠᠨ᠂ ᠴᠠᠭᠳᠠᠭ᠎ᠠ ᠠᠷᠠᠳ ᠤᠨ ᠬᠤᠯᠪᠣᠭᠠᠯᠠᠨ ᠰᠡᠷᠭᠡᠶᠢᠯᠡᠬᠦ ᠠᠵᠢᠯ ᠤᠨ ᠰᠠᠭᠤᠷᠢ ᠶᠢ ᠬᠦᠴᠦ ᠪᠠᠨ | ᠲᠥᠪᠯᠡᠷᠡᠭᠦᠯᠦᠨ ᠪᠠᠬᠢᠵᠢᠭᠦᠯᠵᠦ᠂ ᠡᠬᠡ ᠤᠯᠤᠰ ᠤᠨ ᠤᠮᠠᠷᠠᠲᠤ ᠭᠢᠯᠢ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠪᠠᠲᠤ ᠴᠣᠭᠴᠠᠯᠠᠬᠤ ᠪᠠᠷ ᠴᠢᠷᠮᠠᠶᠢᠵᠤ ᠪᠠᠶᠢᠨ᠎ᠠ᠃ | ᠣᠯᠠᠨ ᠤ ᠤᠬᠠᠭᠠᠨ ᠬᠠᠮᠲᠤ ᠶᠢᠨ ᠬᠦᠴᠦ ᠪᠠᠷ ᠶᠠᠯᠠᠳᠤ ᠠᠵᠢᠯᠯᠠᠭ᠎ᠠ ᠶᠢ ᠰᠡᠷᠭᠡᠶᠢᠯᠡᠨ ᠬᠤᠷᠢᠬᠯᠠᠪᠠ | ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠨᠢ ᠷᠠᠰᠢᠶᠠᠨ ᠬᠤᠲᠠ ᠶᠢᠨ ᠨᠠᠮ ᠵᠠᠰᠠᠭ ᠴᠡᠷᠢᠭ | ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ | ᠪᠠᠬᠢᠵᠢᠭᠦᠯᠬᠦ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠬᠢᠯᠢ ᠬᠢᠵᠠᠭᠠᠷ ᠢ ᠲᠣᠭᠤᠷᠢᠨ | ᠪᠠᠶᠢᠴᠠᠭᠠᠬᠤ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠲᠠᠯ᠎ᠠ ᠪᠠᠷ | ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ | ᠲᠦᠷᠦᠭᠦᠬᠡᠨ᠂ ᠷᠠᠰᠢᠶᠠᠨ ᠬᠤᠲᠠ ᠶᠢᠨ ᠷᠠᠰᠢᠶᠠᠨ ᠵᠡᠭᠡᠯᠢ ᠶᠢᠨ ᠰᠠᠭᠤᠭᠠᠯᠢ ᠠᠷᠠᠳ ᠯᠢᠦ ᠨᠠᠰᠤᠳᠠᠨ | ᠪᠠᠩᠬᠢ ᠳᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠪᠠᠷ ᠲᠦᠷᠢᠶᠡᠰᠦᠨ ᠮᠠᠰᠢᠨ ᠳᠤ ᠰᠠᠭᠤᠯ᠎ᠠ᠃ | ᠵᠠᠮ ᠵᠠᠭᠤᠷ᠎ᠠ᠂ ᠯᠢᠦ ᠨᠠᠰᠤᠳᠠᠨ᠄ ︽ᠪᠢ ᠤᠳᠠᠯ ᠦᠭᠡᠢ ᠪᠠᠩᠬᠢ ᠳᠤ ᠬᠦᠷᠦᠨ᠎ᠡ᠂ ᠲᠠᠨᠤᠰ ᠲᠤ ᠵᠣᠭᠤᠰ | ᠭᠤᠪᠢᠭᠤᠯᠴᠢᠬᠠᠪᠠᠯ ᠵᠠᠷᠭᠤ ᠲᠠᠢ ᠬᠤᠯᠪᠤᠬᠳᠠᠬᠤ ᠦᠭᠡᠢ᠂ ᠲᠡᠶᠢᠮᠤ ᠤᠤ︖︾ ᠭᠡᠵᠦ ᠪᠠᠴᠢᠮᠳᠠᠨ ᠠᠰᠠᠭᠤᠨ᠎ᠠ᠃ | ᠡᠬᠦᠨ ᠢ ᠰᠣᠨᠣᠰᠤᠭᠰᠠᠨ ︽ᠴᠠᠰᠤᠳᠤ ᠬᠤᠳᠠ ᠶᠢᠨ ᠵᠢᠷᠤᠮ ᠤᠨ ᠴᠠᠭᠳᠠᠭ᠎ᠠ︾ ᠲᠦᠷᠢᠶᠡᠰᠦᠨ ᠮᠠᠰᠢᠨ ᠤ ᠵᠢᠯᠣᠭᠤᠴᠢ | ᠶᠠᠩ ᠶᠦᠨ ᠵᠦ ᠨᠠᠰᠤᠳᠠᠨ ᠴᠠᠬᠢᠯᠭᠠᠨ ᠬᠤᠯᠪᠣᠭᠠᠨ ᠤ ᠮᠡᠬᠡᠯᠡᠯ ᠳᠤ ᠤᠴᠠᠷᠠᠭᠰᠠᠨ ᠮᠠᠭᠠᠳ ᠭᠡᠵᠦ ᠰᠡᠵᠢᠭᠯᠡᠪᠡ᠃ ᠶᠠᠩ | ᠶᠦᠨ ᠵᠦ ᠨᠠᠰᠤᠳᠠᠨ ᠢ ᠢᠳᠬᠠᠨ ᠬᠤᠷᠢᠬᠯᠠᠬᠰᠠᠨ ᠪᠤᠯᠪᠠᠴᠦ ᠳᠤᠰᠠ ᠪᠤᠯᠤᠬᠰᠠᠨ ᠦᠭᠡᠢ ᠲᠤᠯᠠ ᠷᠠᠰᠢᠶᠠᠨ ᠬᠢᠯᠢ ᠶᠢᠨ | ᠲᠣᠮᠢᠯᠠᠭᠰᠠᠨ ᠰᠠᠯᠪᠤᠷᠢ ᠳᠤ ᠬᠡᠷᠡᠭ ᠮᠡᠳᠡᠭᠦᠯᠪᠡ᠃ ᠠᠷᠠᠳ ᠤᠨ ᠴᠠᠭᠳᠠᠭ᠎ᠠ ᠲᠡᠷᠡ ᠲᠠᠷᠤᠢ ᠳᠤᠨᠢ ᠪᠠᠩᠬᠢ ᠳᠤ ᠬᠦᠷᠴᠦ | ᠂ ᠨᠠᠰᠤᠳᠠᠨ ᠢ ᠢᠳᠬᠠᠨ ᠮᠡᠬᠡᠯᠡᠭᠴᠢ ᠶᠢᠨ ᠠᠷᠭ᠎ᠠ ᠪᠠᠰᠢᠷ ᠢ ᠢᠯᠡᠴᠢᠯᠡᠵᠦ᠂ ᠨᠠᠰᠤᠳᠠᠨ ᠤ ᠡᠳ᠋ ᠮᠦᠩᠬᠦ ᠶᠢ ᠨᠢ | ᠬᠠᠮᠠᠭᠠᠯᠠᠪᠠ᠃ | ᠦᠨᠤ ᠬᠡᠳᠦᠨ ᠵᠢᠯ ᠴᠠᠬᠢᠯᠭᠠᠨ ᠬᠤᠯᠪᠣᠭᠠᠨ ᠤ ᠮᠡᠬᠡᠯᠡᠯ ᠤᠨ ᠬᠡᠷᠡᠭ ᠣᠯᠠᠨᠲᠠ ᠡᠭᠦᠰᠴᠦ᠂ ᠬᠠᠷᠢᠶᠠᠳᠤ | ᠣᠷᠣᠨ ᠤ ᠨᠠᠰᠤᠲᠠᠠ ᠣᠯᠠᠨ᠂ ᠢᠯᠭᠠᠨ ᠲᠠᠨᠢᠬᠤ ᠴᠢᠳᠠᠪᠤᠷᠢ ᠳᠤᠤᠷ᠎ᠠ᠂ ᠰᠡᠷᠭᠡᠶᠢᠯᠡᠬᠦ ᠤᠬᠠᠮᠰᠠᠷ ᠪᠠᠭᠤᠷᠠᠶ ᠪᠠᠶᠢᠬᠤ | ᠪᠣᠳᠠᠲᠤ ᠪᠠᠶᠢᠳᠠᠯ ᠳᠤ ᠴᠢᠭᠯᠡᠭᠦᠯᠦᠨ᠂ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠮᠡᠬᠡᠯᠡᠯ ᠢ ᠡᠰᠡᠷᠭᠦᠴᠡᠬᠦ | ᠤᠬᠠᠭᠤᠯᠭ᠎ᠠ ᠶᠢᠨ ᠠᠵᠢᠯ ᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ 1000 ᠭᠠᠷᠤᠶ ᠣᠯᠠᠨ ᠲᠦᠮᠡᠨ ᠢ | ᠬᠠᠪᠰᠤᠷᠤᠨ ᠤᠯᠤᠰ ᠤᠨ ᠮᠡᠬᠡᠯᠡᠯ ᠢ ᠡᠰᠡᠷᠭᠦᠴᠡᠬᠦ APP ᠶᠢ ᠪᠠᠭᠤᠯᠭᠠᠨ ᠤᠬᠰᠠᠷᠠᠵᠤ᠂ ᠮᠡᠬᠡᠯᠡᠯ ᠢ ᠡᠰᠡᠷᠭᠦᠴᠡᠬᠦ | ᠤᠬᠠᠭᠤᠯᠭ᠎ᠠ ᠶᠢᠨ ᠠᠵᠢᠯᠯᠠᠭ᠎ᠠ ᠶᠢ 30 ᠭᠠᠷᠤᠶ ᠤᠳᠠᠭ᠎ᠠ ᠥᠷᠨᠢᠭᠦᠯᠵᠦ᠂ ᠠᠶᠤᠯ ᠲᠦᠭᠰᠢᠭᠦᠷᠢ ᠶᠡᠬᠡᠲᠡᠶ 23 | ᠤᠳᠠᠭ᠎ᠠ ᠶᠢᠨ ᠮᠡᠬᠡᠯᠡᠯ ᠤᠨ ᠬᠡᠷᠡᠭ ᠡᠭᠦᠰᠬᠦ ᠶᠢ ᠢᠳᠬᠠᠨ ᠬᠤᠷᠢᠭᠯᠠᠵᠤ᠂ 500 ᠭᠠᠷᠤᠶ ᠲᠦᠮᠡᠨ ᠲᠥᠭᠦᠷᠢᠭ ᠤᠨ | ᠬᠤᠬᠢᠷᠠᠯ ᠢ ᠡᠭᠡᠭᠦᠯᠤᠨ ᠠᠪᠴᠢᠷᠠᠪᠠ᠃ | ᠷᠠᠰᠢᠶᠠᠨ ᠬᠤᠳᠡ ᠶᠢᠨ ᠵᠡᠭᠡᠯᠢ ᠪᠠᠷ ᠶᠠᠪᠤᠬᠤ ᠳᠤ᠂ ᠶᠠᠩ ᠶᠦᠨ ᠵᠦ ᠲᠠᠢ ᠠᠳᠠᠯᠢᠬᠠᠨ ᠣᠯᠠᠭᠠᠨ ᠡᠯᠢᠭᠡᠪᠴᠢ | ᠡᠮᠦᠰᠴᠦ᠂ ᠤᠯᠠᠭᠠᠨ ᠮᠠᠯᠠᠭᠠᠢ ᠵᠡᠭᠦᠭᠰᠡᠨ ︽ᠴᠠᠰᠤᠲᠤ ᠬᠤᠳᠠ ᠶᠢᠨ ᠵᠢᠷᠤᠮ ᠤᠨ ᠴᠠᠭᠳᠠᠭ᠎ᠠ︾ ᠤᠯᠠᠨ ᠬᠠᠷᠠᠭᠳᠠᠨ᠎ᠠ | ᠃ 2019 ᠣᠨ ᠳᠤ ᠠᠩᠬ᠎ᠠ ᠪᠠᠶᠢᠭᠤᠯᠤᠭᠳᠠᠭᠤ ᠦᠶ᠎ᠡ ᠶᠢᠨ ︽ᠴᠠᠰᠤᠲᠤ ᠬᠤᠳᠠ ᠶᠢᠨ ᠵᠢᠷᠤᠮ ᠤᠨ ᠴᠠᠭᠳᠠᠭ᠎ᠠ︾ | 75 ᠬᠥᠮᠦᠨ ᠪᠠᠶᠢᠬᠰᠠᠨ ᠠᠴᠠ ᠪᠠᠨ ᠤᠳᠤ ᠶᠢᠨ 900 ᠰᠢᠬᠠᠮ ᠬᠥᠮᠦᠨ ᠬᠦᠷᠲᠡᠯ᠎ᠡ᠂ ᠲᠡᠳᠡᠨᠠᠷ ᠪᠤᠯ ᠠᠮᠤᠷ ᠢ | ᠬᠠᠮᠠᠭᠠᠯᠠᠬᠤ ︽ᠠᠵᠢᠭᠯᠠᠯᠲᠠ ᠶᠢᠨ ᠴᠡᠭ︾᠂ ︽ᠨᠡᠭᠦᠳᠡᠯ ᠬᠠᠷᠠᠭᠤᠯ︾ ᠪᠤᠯᠤᠨ᠎ᠠ᠃ ᠡᠳᠡᠭᠡᠷ ᠬᠦᠮᠤᠰ ᠤᠨ | ᠵᠠᠷᠢᠮ ᠨᠢ ᠲᠦᠷᠭᠡᠨ ᠬᠦᠷᠭᠡᠭᠴᠢ᠂ ᠴᠡᠪᠡᠷᠯᠡᠭᠴᠢ᠂ ᠲᠦᠷᠢᠶᠡᠰᠦᠨ ᠮᠠᠰᠢᠨ ᠤ ᠵᠢᠯᠣᠭᠤᠴᠢ᠂ ᠠᠵᠢᠯ ᠠᠴᠠ ᠪᠠᠨ | ᠠᠮᠠᠷᠠᠭᠰᠠᠨ ᠺᠠᠳ᠋ᠷ ᠵᠡᠷᠭᠡ ᠪᠠᠶᠢᠵᠤ᠂ ᠲᠡᠳᠡ ᠬᠦᠴᠦᠨ ᠪᠠᠨ ᠬᠠᠮᠳᠤᠳᠬᠠᠨ ᠤᠯᠠᠨ ᠪᠦᠬᠦᠳᠡᠭᠡᠷ ᠲᠤ ᠠᠮᠤᠷ ᠲᠥᠪᠰᠢᠨ | ᠤᠷᠴᠢᠨ ᠠᠬᠤᠢ ᠶᠢ ᠪᠤᠢ ᠪᠤᠯᠭᠠᠬᠤ ᠳᠤ ᠦᠢᠯᠡᠴᠢᠯᠡᠨ᠎ᠡ᠃ | ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠨᠠᠮᠳᠠᠭᠤᠯᠵᠤ ᠡᠶ᠎ᠡ ᠵᠤᠬᠢᠴᠠᠩᠭᠤᠢ ᠳᠤᠬᠳᠠᠭᠤᠨ ᠪᠠᠶᠢᠳᠠᠯ ᠢ | ᠪᠠᠳᠤᠯᠠᠪᠠ | ᠷᠠᠰᠢᠶᠠᠨ ᠬᠤᠳᠡ ᠪᠣᠯ ᠤᠯᠤᠰ ᠤᠨ ᠲᠤᠳᠤᠭᠠᠳᠤ ᠶᠢᠨ ᠨᠡᠷᠡᠲᠤ ᠵᠢᠭᠤᠯᠴᠢᠯᠠᠯ ᠤᠨ ᠤᠷᠤᠨ ᠮᠦᠨ᠃ 5A | ᠲᠡᠰ ᠤᠨ ᠦᠵᠡᠮᠵᠢ ᠶᠢᠨ ᠣᠷᠣᠨ ᠳᠤ ᠤᠯᠠᠨ ᠵᠢᠯ ᠠᠵᠢᠯᠯᠠᠬᠰᠠᠨ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ | ᠯᠢᠦ ᠹᠧᠩ ᠯᠢ᠄ ︽ᠷᠠᠰᠢᠶᠠᠨ ᠤ ᠳᠥᠷᠪᠡᠨ ᠤᠯᠠᠷᠢᠯ ᠤᠨ ᠦᠵᠡᠮᠵᠢ ᠭᠤᠶᠤ ᠰᠠᠶᠢᠬᠠᠨ᠂ ᠵᠢᠭᠤᠯᠴᠢᠯᠠᠬᠰᠠᠳ ᠣᠯᠠᠨ | ᠂ ᠪᠢᠳᠡᠨ ᠤ ᠮᠦᠷᠦᠨ ᠳᠡᠭᠡᠷᠡᠬᠢ ᠡᠭᠦᠷᠭᠡ ᠶᠡᠷᠦ ᠠᠴᠠ ᠬᠦᠨᠳᠦ︾ ᠭᠡᠵᠦ ᠶᠠᠷᠢᠨ᠎ᠠ᠃ | ᠨᠢᠳᠤᠨᠤᠨ ᠤ 12 ᠰᠠᠷ᠎ᠠ ᠳᠤ᠂ ᠷᠠᠰᠢᠶᠠᠨ ᠤ ᠮᠥᠰᠥ ᠴᠠᠰᠤᠨ ᠤ ᠨᠠᠶᠢᠷ ᠤᠨ ᠠᠵᠢᠯᠯᠠᠭ᠎ᠠ ᠶᠢᠨ ᠠᠬᠤᠢ | ᠲᠠᠯᠠᠪᠠᠢ ᠳᠤ᠂ ᠯᠢᠦ ᠹᠧᠩ ᠯᠢ ᠬᠢᠷᠢᠨ ᠨᠤᠲᠤᠭᠲᠠᠶ ᠵᠢᠭᠤᠯᠴᠢᠯᠠᠬᠴᠢ ᠸᠠᠩ ᠨᠠᠰᠤᠳᠠᠨ ᠤ ᠲᠤᠰᠠᠯᠠᠮᠵᠢ ᠶᠢ ᠲᠤᠰᠪᠠ᠃ | ᠸᠠᠩ ᠨᠠᠰᠤᠳᠠᠨ ᠭᠠᠷ ᠤᠳᠠᠰᠤ ᠰᠠᠶᠢᠨ ᠬᠡᠷᠡᠭᠯᠡᠵᠦ ᠴᠢᠳᠠᠬᠤ ᠦᠭᠡᠢ ᠠᠴᠠ ᠵᠢᠭᠤᠯᠴᠢᠯᠠᠯ ᠤᠨ ᠪᠦᠯᠬᠦᠮ ᠤᠨ | ᠵᠠᠮᠴᠢᠯᠠᠭᠴᠢ ᠲᠠᠢ ᠪᠠᠨ ᠬᠠᠷᠢᠯᠴᠠᠵᠤ ᠳᠡᠶᠢᠯᠬᠦ ᠦᠭᠡᠢ ᠪᠤᠯᠵᠠᠢ᠃ ᠯᠢᠦ ᠹᠧᠩ ᠯᠢ ᠲᠠᠷᠦ᠋ᠢᠬᠠᠨ ᠨᠠᠰᠤᠲᠠᠨ ᠤ ᠭᠠᠷ | ᠤᠲᠠᠰᠤ ᠪᠠᠷ ᠵᠢᠭᠤᠯᠴᠢᠯᠠᠯ ᠤᠨ ᠪᠦᠯᠬᠦᠮ ᠤᠨ ᠵᠠᠮᠴᠢᠯᠠᠭᠴᠢ ᠲᠠᠢ ᠬᠠᠷᠢᠯᠴᠠᠵᠤ᠂ ᠨᠠᠰᠤᠲᠠᠨ ᠢ ᠬᠡᠯᠡᠯᠴᠡᠨ | ᠲᠣᠭᠲᠠᠭᠰᠠᠨ ᠭᠠᠵᠠᠷ ᠲᠤ ᠬᠦᠷᠭᠡᠪᠡ᠃ ᠵᠢᠭᠤᠯᠴᠢᠯᠠᠯ ᠤᠨ ᠪᠦᠯᠬᠦᠮ ᠢᠶᠠᠨ ᠣᠯᠤᠭᠰᠠᠨ ᠤ ᠳᠠᠷᠠᠭ᠎ᠠ᠂ ᠸᠠᠩ ᠨᠠᠰᠤᠳᠠᠨ | ᠄ ︽ᠷᠠᠰᠢᠶᠠᠨ ᠤ ᠦᠵᠡᠮᠵᠢ ᠨᠢ ᠭᠤᠶᠤ᠂ ᠷᠠᠰᠢᠶᠠᠨ ᠤ ᠬᠥᠮᠦᠨ ᠨᠠᠩ ᠰᠠᠨᠠᠭ᠎ᠠ ᠰᠠᠶᠢᠳᠠᠢ︾ ᠭᠡᠵᠦ ᠰᠡᠳᠬᠢᠯ | ᠲᠤᠬᠳᠤᠯᠤᠨ ᠬᠡᠯᠡᠨ᠎ᠠ᠃ | ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠳᠤ ᠡᠶᠢᠮᠦᠷᠬᠦᠤ ᠵᠢᠵᠢᠭ ᠰᠡᠵᠢᠬ ᠶᠠᠪᠤᠳᠠᠯ ᠤᠯᠠᠨ | ᠲᠤᠬᠢᠶᠠᠯᠳᠤᠨ᠎ᠠ᠃ ︽ᠵᠢᠭᠤᠯᠴᠢᠯᠠᠬᠰᠠᠳ᠂ ᠬᠤᠳᠠ ᠶᠢᠨ ᠠᠷᠠᠳ ᠲᠤ ᠲᠤᠰᠠᠯᠠᠮᠵᠢ ᠦᠵᠡᠬᠦᠯᠪᠡᠯ ᠮᠠᠰᠢ ᠪᠠᠶᠠᠷ ᠲᠠᠢ | ᠰᠠᠨᠠᠬᠳᠠᠨ᠎ᠠ᠂ ︿ᠴᠠᠰᠤᠲᠤ ᠬᠤᠳᠠ ᠶᠢᠨ ᠵᠢᠷᠤᠮ ᠤᠨ ᠴᠠᠭᠳᠠᠭ᠎ᠠ﹀ ᠠᠷᠠᠳ ᠲᠦᠮᠡᠨ ᠳᠤ ᠦᠢᠯᠡᠴᠢᠯᠡᠨ᠎ᠠ︾ ᠭᠡᠵᠤ | ᠯᠢᠤ ᠹᠸᠡᠭ ᠯᠢ ᠪᠤᠳᠤᠯ ᠢᠶᠠᠨ ᠲᠡᠯᠬᠡᠨ᠎ᠠ᠃ | ︽ᠴᠢ ᠲᠡᠷᠭᠡ ᠪᠠᠨ ᠵᠤᠬᠰᠤᠭᠠᠪᠠᠯ ᠪᠢ ᠵᠠᠮ ᠢ ᠴᠢᠨᠢ ᠪᠦᠭᠯᠡᠨᠠ︕︾ ᠡᠨᠡ ᠵᠢᠯ ᠤᠨ ᠬᠤᠶᠠᠳᠤᠭᠠᠷ | ᠰᠠᠷ᠎ᠠ ᠶᠢᠨ ᠦᠶ᠎ᠠ ᠪᠠᠷ᠂ ᠷᠠᠰᠢᠶᠠᠨ ᠬᠤᠲᠠ ᠶᠢᠨ ᠲᠢᠶᠠᠨ ᡂᠢ ᠪᠠᠯᠭᠠᠰᠤᠨ ᠤ ᠨᠢᠭᠡᠨ ᠪᠠᠭᠤᠳᠠᠯ ᠤᠨ ᠡᠮᠦᠨ᠎ᠠ᠂ | ᠬᠤᠶᠠᠷ ᠵᠢᠯᠤᠭᠤᠴᠢ ᠲᠡᠷᠭᠡᠨ ᠵᠣᠭᠰᠣᠭᠠᠯ ᠪᠤᠯᠢᠶᠠᠯᠳᠤᠨ ᠬᠠᠰᠬᠢᠷᠠᠭᠠᠳ ᠭᠠᠷ ᠬᠦᠳᠡᠯᠬᠦ ᠰᠢᠬᠠᠵᠤ᠂ ᠮᠠᠰᠢ ᠤᠯᠠᠨ | ᠵᠢᠭᠤᠯᠴᠢᠯᠠᠬᠴᠢ ᠴᠤᠬᠯᠠᠷᠠᠪᠠ᠃ ᠵᠢᠷᠤᠮ ᠤᠨ ᠴᠠᠭᠳᠠᠭ᠎ᠠ ᠮᠤᠩ ᠹᠠᠨ ᠴᠢᠩ ᠣᠯᠵᠤ ᠦᠵᠡᠭᠰᠡᠨ ᠤ ᠳᠠᠷᠠᠭ᠎ᠠ᠂ ᠬᠤᠶᠠᠷ | ᠵᠢᠯᠤᠭᠤᠴᠢ ᠶᠢ ᠢᠳᠬᠠᠬᠤ ᠳᠤ ᠬᠡᠨ ᠠᠯᠢᠨ ᠨᠢ ᠨᠠᠶᠢᠷ ᠲᠠᠯᠪᠢᠬᠤ ᠦᠭᠡᠢ᠃ ᠬᠡᠷᠡᠭ ᠤᠴᠢᠷ ᠬᠡᠴᠡᠭᠦᠳᠡᠬᠦ ᠠᠴᠠ | ᠵᠠᠶᠢᠯᠠᠰᠭᠢᠬᠦ ᠶᠢᠨ ᠲᠥᠯᠥᠭᠡ᠂ ᠮᠧᠩ ᠹᠠᠨ ᠴᠢᠩ ᠳᠠᠷᠦ᠋ᠢᠬᠠᠨ ᠲᠢᠶᠠᠨ ᠤᠤᠢ ᠬᠢᠯᠢ ᠶᠢᠨ ᠲᠣᠮᠢᠯᠠᠭᠰᠠᠨ ᠰᠠᠯᠪᠤᠷᠢ ᠳᠤ | ᠮᠡᠳᠡᠭᠳᠡᠪᠡ᠃ ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠠᠶ ᠳᠤ ᠭᠦᠷᠦᠭᠰᠡᠨ ᠤ ᠳᠠᠷᠠᠭ᠎ᠠ ᠮᠤᠩ ᠹᠠᠨ ᠴᠢᠩ ᠲᠠᠢ | ᠬᠠᠮᠲᠤ ᠵᠢᠯᠤᠭᠤᠴᠢ ᠶᠢ ᠢᠳᠬᠠᠬᠤ ᠶᠢᠨ ᠬᠠᠮᠲᠤ ᠡᠷᠬᠢᠨ ᠲᠣᠭᠤᠷᠢᠨ ᠠᠴᠠ ᠲᠡᠷᠭᠡᠨ ᠵᠣᠭᠰᠣᠭᠠᠯ ᠡᠷᠢᠵᠤ᠂ ᠲᠡᠷᠭᠡ | ᠵᠣᠭᠰᠣᠬᠤ ᠠᠰᠠᠭᠤᠳᠠᠯ ᠢ ᠰᠢᠢᠳᠪᠦᠷᠢᠯᠡᠵᠦ᠂ ᠵᠦᠷᠢᠴᠡᠯ ᠰᠢᠷᠦᠭᠦᠰᠬᠦ ᠠᠴᠠ ᠵᠠᠶᠢᠯᠠᠰᠬᠢᠪᠠ᠃ | ᠤᠷᠢᠳᠴᠢᠯᠠᠨ ᠰᠡᠷᠭᠡᠶᠢᠯᠡᠬᠦ ᠠᠵᠢᠯ ᠢ ᠰᠠᠨᠠᠭᠠᠴᠢᠯᠠᠭ᠎ᠠ ᠲᠠᠢ ᠪᠦᠳᠦᠮᠵᠢᠳᠡᠢ ᠬᠢᠵᠦ᠂ ᠵᠥᠷᠢᠴᠡᠯ ᠢ ᠴᠢᠷᠮᠠᠶᠢᠨ | ᠨᠠᠮᠳᠠᠭᠤᠯᠵᠤ᠂ ᠵᠢᠭᠤᠷᠠᠯᠳᠤᠭᠠᠨ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠨ᠎ᠠ᠂ ᠡᠨᠡ ᠪᠣᠯ ︽ᠴᠠᠰᠤᠲᠤ | ᠬᠤᠳᠠ ᠶᠢᠨ ᠵᠢᠷᠤᠮ ᠤᠨ ᠴᠠᠭᠳᠠᠭ᠎ᠠ︾ ᠶᠢᠨ ᠴᠠᠭᠳᠠᠭᠠᠨ ᠤ ᠶᠠᠪᠤᠳᠠᠯ ᠢ ᠤᠷᠢᠳᠴᠢᠯᠠᠨ ᠰᠡᠷᠭᠡᠶᠢᠯᠡᠬᠦ ᠬᠦᠴᠦᠨ ᠪᠦᠬᠦᠢ | ᠦᠢᠯᠡᠳᠦᠯᠭᠡ ᠪᠣᠯᠤᠨ᠎ᠠ᠃ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠶᠢᠨ ᠲᠢᠶᠠᠨ ᡂᠢ ᠬᠤᠪᠢᠶᠠᠷᠢ | ᠨᠡᠶᠢᠭᠡᠮᠯᠢᠭ ᠲᠤ 3 ᠰᠠᠯᠠᠭ᠎ᠠ ︽ᠵᠢᠷᠤᠮ ᠤᠨ ᠴᠠᠭᠳᠠᠭ᠎ᠠ ᠶᠢᠨ ᠲᠣᠭᠤᠷᠢᠨ ᠴᠠᠭᠳᠠᠬᠤ ᠠᠩᠭᠢ︾ ᠪᠠᠶᠢᠵᠤ᠂ ︽1 | ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ + 1 ᠵᠢᠷᠤᠮ ᠤᠨ ᠴᠠᠭᠳᠠᠭ᠎ᠠ ᠶᠢᠨ ᠲᠣᠭᠤᠷᠢᠨ ᠴᠠᠭᠳᠠᠬᠤ ᠠᠩᠭᠢ︾ | ᠶᠢᠨ ᠠᠷᠭ᠎ᠠ ᠬᠡᠯᠪᠡᠷᠢ ᠶᠢ ᠠᠪᠴᠤ᠂ ᠬᠠᠷᠢᠶᠠᠲᠤ ᠣᠷᠣᠨ ᠤ ᠬᠥᠮᠦᠨ ᠬᠠᠷ᠎ᠠ ᠴᠤᠬᠯᠠᠷᠠᠬᠰᠠᠨ ᠣᠷᠣᠨ ᠪᠦᠰᠡ ᠳᠤ | ᠲᠣᠭᠤᠷᠢᠨ ᠴᠠᠭᠳᠠᠬᠤ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠪᠡ᠃ ᠡᠭᠦᠨ ᠠᠴᠠ ᠭᠠᠳᠠᠨ᠎ᠠ᠂ ᠲᠣᠭᠤᠷᠢᠨ | ᠴᠠᠭᠳᠠᠬᠤ ᠠᠩᠭᠢ ᠪᠦᠷᠢ ᠳᠤ 5 ᠲᠤᠰᠬᠠᠶ ᠪᠤᠶᠤ ᠲᠤᠰᠢᠶᠠᠯ ᠬᠠᠪᠰᠤᠷᠭᠠᠭᠰᠠᠨ ᠡᠶᠡᠳᠡᠭᠦᠯᠦᠭᠴᠢ ᠲᠣᠬᠢᠷᠠᠭᠤᠯᠵᠤ᠂ | ᠠᠵᠢᠯ ᠤᠨ ᠳᠤᠮᠳᠠ ᠪᠠᠨ ︽ᠠᠷᠠᠳ ᠤᠨ ᠴᠠᠭᠳᠠᠭ᠎ᠠ + ᠵᠢᠷᠤᠮ ᠤᠨ ᠴᠠᠭᠳᠠᠭ᠎ᠠ︾ ᠶᠢᠨ ᠠᠵᠢᠯ ᠤᠨ ᠠᠷᠭ᠎ᠠ ᠶᠢ | ᠬᠡᠷᠡᠭᠵᠢᠭᠦᠯᠵᠦ᠂ ᠵᠢᠷᠤᠮ ᠤᠨ ᠴᠠᠭᠳᠠᠭ᠎ᠠ ᠶᠢᠨ ︽ᠬᠥᠮᠦᠨ ᠢ ᠲᠠᠨᠢᠬᠤ᠂ ᠭᠠᠵᠠᠷ ᠢ ᠮᠡᠳᠡᠬᠦ᠂ ᠪᠠᠶᠢᠳᠠᠯ ᠢ ᠤᠶᠢᠯᠠᠭᠠᠬᠤ︾ | ᠳᠠᠪᠠᠭᠤᠯᠢᠭ ᠪᠤᠯᠤᠨ ᠠᠷᠠᠳ ᠤᠨ ᠴᠠᠭᠳᠠᠭ᠎ᠠ ᠶᠢᠨ ︽ᠬᠠᠤᠯᠢ ᠶᠢ ᠮᠡᠳᠡᠬᠦ᠂ ᠲᠥᠷᠥ ᠶᠢᠨ ᠪᠣᠳᠣᠯᠭ᠎ᠠ ᠶᠢ | ᠲᠠᠶᠢᠯᠪᠤᠷᠢᠯᠠᠬᠤ᠂ ᠡᠶᠡᠳᠡᠭᠦᠯᠵᠦ ᠴᠢᠳᠠᠬᠤ︾ ᠳᠠᠪᠠᠭᠤᠯᠢᠭ ᠲᠠᠢ ᠤᠶᠠᠯᠳᠤᠭᠤᠯᠵᠤ᠂ ︽︵1 + 1﹀ 2︾ ᠦᠷ᠎ᠡ | ᠪᠦᠲᠦᠮᠵᠢ ᠳᠤ ᠬᠦᠷᠪᠡ᠃ | ᠬᠤᠰᠢᠭᠤᠴᠢ ᠵᠢᠱᠢᠶᠡᠴᠢ ᠶᠢᠨ ᠦᠢᠯᠡᠳᠦᠯ ᠢ ᠪᠠᠳᠠᠷᠠᠭᠤᠯᠤᠨ ᠤᠯᠠᠨ ᠲᠦᠮᠡᠨ ᠢ ᠲᠡᠶᠢᠴᠢᠯᠠᠪᠠ | 66 ᠨᠠᠰᠤᠲᠠᠢ ᠸᠠᠩ ᠢᠦᠢ ᠹᠠ ᠬᠢᠯᠢ ᠪᠠᠨ ᠰᠠᠬᠢᠵᠤ ᠬᠢᠯᠢ ᠪᠠᠨ ᠮᠠᠨᠠᠭᠠᠳ ᠬᠤᠷᠢ ᠭᠠᠷᠤᠢ ᠵᠢᠯ ᠤᠨ ᠨᠢᠭᠤᠷ ᠢ | ᠦᠵᠡᠵᠦ ᠪᠠᠶᠢᠨ᠎ᠠ᠃ ᠲᠡᠭᠦᠨ ᠤ ᠬᠠᠪᠤᠷᠵᠢᠶ᠎ᠠ ᠨᠢ ᠬᠢᠯᠢ ᠶᠢᠨ ᠱᠤᠭᠤᠮ ᠠᠴᠠ ᠵᠥᠪᠬᠡᠨ 5 ᠺᠢᠯᠣᠮᠧᠲᠷ ᠵᠠᠶᠢᠲᠠᠶ᠂ | ᠬᠢᠯᠢ ᠨᠤᠳᠤᠭ ᠤᠨ ᠠᠯᠢᠪᠠ ᠪᠠᠶᠢᠳᠠᠯ ᠢ ᠠᠯᠠᠭᠠᠨ ᠵᠢᠷᠤᠭᠠᠰᠤ ᠪᠠᠨ ᠰᠢᠬ ᠲᠤᠳᠤᠬᠠᠨ ᠮᠡᠳᠡᠨ᠎ᠠ᠃ 2019 ᠣᠨ ᠳᠤ | ᠲᠡᠷᠡ ᠰᠠᠨᠠᠭᠠᠴᠢᠯᠠᠭ᠎ᠠ ᠠᠴᠠ ᠪᠠᠨ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠪᠤᠯᠵᠤ᠂ ᠬᠢᠯᠢ ᠬᠢᠵᠠᠭᠠᠷ | ᠤᠷᠤᠨ ᠤ ᠠᠮᠤᠷ ᠲᠤᠬᠳᠠᠭᠤᠨ ᠳᠤ ᠥᠪᠡᠷ ᠤᠨ ᠬᠦᠴᠦᠨ ᠴᠢᠳᠠᠯ ᠢᠶᠠᠨ ᠡᠷᠬᠦᠨ᠎ᠡ᠃ ᠸᠠᠩ ᠢᠤᠢ ᠹᠠ ᠤᠷᠢᠳ | ᠬᠤᠵᠢᠳ ᠬᠢᠩᠭᠠᠨ ᠠᠶᠢᠮᠠᠭ ᠤᠨ ᠠᠷᠪᠠᠨ ᠰᠢᠯᠢᠳᠡᠭ ᠬᠢᠯᠢ ᠰᠠᠬᠢᠬᠴᠢ᠂ ᠦᠪᠡᠷᠳᠡᠭᠡᠨ ᠵᠠᠰᠠᠬᠤ ᠤᠷᠤᠨ ᠤ ᠰᠢᠯᠢᠳᠡᠭ | ᠬᠢᠯᠢ ᠰᠠᠬᠢᠬᠴᠢ᠂ ︽ᠳᠤᠮᠳᠠᠳᠤ ᠤᠯᠤᠰ ᠤᠨ ᠰᠦᠯᠵᠢᠶᠡᠨ ᠤ ᠶᠠᠪᠤᠳᠠᠯ · ᠥᠪᠥᠷ ᠮᠣᠩᠭᠤᠯ ᠢ | ᠳᠣᠭᠳᠣᠯᠤᠭᠤᠯᠤᠬᠰᠠᠨ︾ ᠠᠷᠪᠠᠨ ᠶᠡᠭᠡ ᠰᠦᠯᠵᠢᠶᠡᠨ ᠬᠥᠮᠦᠨ ᠵᠡᠷᠭᠡ ᠢᠷᠠᠭᠤ ᠠᠯᠳᠠᠷ ᠢ ᠬᠦᠷᠳᠡᠵᠦ ᠦᠩᠬᠡᠷᠡᠪᠡ᠃ | 2016 ᠣᠨ ᠤ ᠡᠪᠦᠯ᠂ ᠸᠠᠩ ᠢᠦᠢ ᠹᠠ ᠬᠢᠯᠢ ᠴᠠᠭᠳᠠᠬᠤ ᠦᠶ᠎ᠡ ᠳᠤ ᠴᠠᠰᠤᠨ ᠳᠡᠭᠡᠷᠡᠬᠢ ᠰᠡᠵᠢᠭᠯᠡᠯᠳᠡᠢ | ᠬᠦᠯ ᠤᠨ ᠮᠥᠷ ᠢ ᠣᠯᠵᠤ ᠦᠵᠡᠯ᠎ᠠ᠂ ᠬᠠᠬᠢᠷ ᠡᠪᠦᠯ ᠬᠡᠨ ᠬᠦᠳᠡᠭᠡ ᠬᠡᠬᠡᠷ᠎ᠠ ᠬᠦᠶᠦᠬᠦ ᠪᠤᠢ︖ ᠣᠯᠠᠨ ᠵᠢᠯ ᠤᠨ | ᠬᠢᠯᠢ ᠰᠠᠬᠢᠬᠰᠠᠨ ᠲᠤᠷᠰᠢᠯᠭ᠎ᠠ ᠪᠠᠷ ᠢᠶᠠᠨ ᠲᠡᠷᠡ ᠲᠣᠮᠢᠯᠠᠭᠰᠠᠨ ᠰᠠᠯᠪᠤᠷᠢ ᠳᠤ ᠤᠲᠠᠰᠤ ᠠᠪᠴᠤ᠂ ᠥᠪᠡᠷ ᠢᠶᠠᠨ | ᠬᠠᠷᠢᠨ ᠮᠥᠷᠳᠡᠨ ᠳᠠᠭᠠᠵᠤ᠂ ᠡᠴᠤᠰ ᠲᠡᠭᠡᠨ ᠠᠷᠠᠳ ᠤᠨ ᠴᠠᠭᠳᠠᠭ᠎ᠠ ᠲᠠᠢ ᠬᠢᠯᠢ ᠬᠢᠵᠠᠭᠠᠷ ᠲᠤ ᠬᠤᠯᠪᠣᠭᠳᠠᠭᠰᠠᠨ | ᠬᠠᠤᠯᠢ ᠶᠢ ᠵᠥᠷᠢᠴᠡᠭᠰᠡᠨ 2 ᠶᠠᠯᠠᠲᠤ ᠡᠲᠡᠭᠡᠳ ᠢ ᠪᠠᠷᠢᠪᠴᠢᠯᠠᠪᠠ᠃ ᠸᠠᠩ ᠢᠦᠶ ᠹᠠ ᠡᠳᠦᠷ ᠪᠦᠷᠢ ᠬᠢᠯᠢ ᠶᠢᠨ | ᠱᠤᠭᠤᠮ ᠢᠶᠠᠷ ᠠᠷᠪᠠᠨ ᠬᠡᠳᠦᠨ ᠺᠢᠯᠣᠮᠧᠲᠷ ᠶᠠᠪᠤᠵᠤ᠂ ᠲᠠᠨᠢᠯ ᠪᠤᠰᠤ ᠬᠥᠮᠦᠨ ᠪᠤᠶᠤ ᠣᠨᠴᠠᠭᠠᠶ ᠤᠴᠢᠷ ᠪᠠᠶᠢᠬᠤ | ᠡᠰᠡᠬᠦ ᠶᠢ ᠦᠵᠡᠳᠡᠭ᠂ ︽ᠬᠢᠯᠢ ᠴᠠᠭᠳᠠᠬᠤ ᠨᠢ ᠬᠤᠨᠢ ᠮᠠᠯ ᠬᠠᠷᠢᠭᠤᠯᠬᠤ ᠲᠠᠢ ᠠᠳᠠᠯᠢ ᠪᠠᠷ ᠮᠢᠨᠦ ᠠᠮᠢᠳᠤᠷᠠᠯ ᠤᠨ | ᠴᠢᠬᠤᠯᠠ ᠪᠥᠷᠢᠯᠳᠥᠭᠦᠨ ᠬᠡᠰᠡᠭ ᠪᠣᠯᠵᠠᠢ᠂ ᠬᠢᠯᠢ ᠪᠠᠨ ᠰᠠᠬᠢᠨ ᠬᠠᠮᠠᠭᠠᠯᠠᠬᠤ ᠨᠢ ᠪᠢᠳᠡᠨ ᠤ ᠬᠠᠷᠢᠭᠤᠴᠠᠯᠭ᠎ᠠ ᠮᠦᠨ︾ | ᠭᠡᠵᠦ ᠬᠡᠯᠡᠨ᠎ᠠ᠃ | ᠷᠠᠰᠢᠶᠠᠨ ᠬᠤᠲᠠ ᠶᠡᠭᠡ ᠬᠢᠩᠭᠠᠨ ᠳᠠᠪᠠᠭ᠎ᠠ ᠶᠢᠨ ᠪᠠᠷᠠᠭᠤᠨ ᠡᠮᠦᠨ᠎ᠡ ᠠᠭᠤᠯᠠ ᠶᠢᠨ ᠬᠤᠷᠮᠣᠶ ᠳᠤ ᠪᠠᠶᠢᠷᠢᠯᠠᠵᠤ᠂ | ᠪᠠᠷᠠᠭᠤᠨ ᠬᠡᠰᠡᠭ ᠨᠢ ᠮᠣᠩᠭᠤᠯ ᠤᠯᠤᠰ ᠲᠠᠢ ᠬᠢᠯᠢ ᠨᠡᠶᠢᠯᠡᠵᠦ᠂ ᠬᠠᠷᠢᠶᠠᠲᠤ ᠣᠷᠣᠨ ᠳᠤ 93.434 | ᠺᠢᠯᠣᠮᠧᠲᠷ ᠤᠨ ᠳᠤᠮᠳᠠᠳᠤ ᠮᠣᠩᠭᠤᠯ ᠤᠨ ᠬᠢᠯᠢ ᠶᠢᠨ ᠱᠤᠭᠤᠮ ᠲᠠᠢ᠂ ᠷᠠᠰᠢᠶᠠᠨ ᠬᠤᠳᠡ ᠶᠢᠨ ᠺᠠᠳ᠋ᠷ ᠤᠯᠠᠨ | ᠲᠦᠮᠡᠨ ᠤ ᠡᠬᠡ ᠤᠯᠤᠰ ᠤᠨ ᠤᠮᠠᠷᠠᠲᠤ ᠬᠢᠯᠢ ᠢᠢᠨ ᠠᠮᠤᠷ ᠲᠦᠪᠰᠢᠨ ᠲᠤᠬᠳᠠᠭᠤᠨ ᠢ ᠬᠠᠮᠠᠭᠠᠯᠠᠬᠤ ᠬᠠᠷᠢᠭᠤᠴᠠᠯᠭ᠎ᠠ | ᠬᠦᠨᠳᠤ ᠶᠡᠭᠡ ᠪᠠᠶᠢᠳᠠᠭ᠃ | ᠸᠠᠩ ᠢᠦᠶ ᠹᠠ ᠮᠡᠳᠤ ᠶᠢᠨ ᠬᠦᠮᠦᠰ ᠤᠨ ᠲᠠᠶᠢᠴᠢᠯᠠᠯᠳᠠ ᠳᠠᠭᠠᠭᠤᠯᠭ᠎ᠠ ᠳᠤᠤᠷ᠎ᠠ᠂ ᠤᠯᠠᠮ ᠠᠴᠠ ᠣᠯᠠᠨ | ᠬᠢᠯᠢ ᠶᠢᠨ ᠠᠷᠠᠳ ᠰᠠᠶᠢᠨ ᠳᠤᠷ᠎ᠠ ᠠᠴᠠ ᠪᠠᠨ ︽ᠴᠠᠰᠤᠲᠤ ᠬᠤᠲᠠ ᠶᠢᠨ ᠵᠢᠷᠤᠮ ᠤᠨ ᠴᠠᠭᠳᠠᠭ᠎ᠠ︾ ᠢᠢᠨ | ᠡᠩᠨᠡᠭᠡᠨ ᠳᠤ ᠣᠷᠣᠵᠤ᠂ ︽ᠨᠢᠭᠡ ᠬᠢᠯᠢ ᠬᠢᠵᠠᠭᠠᠷ ᠤᠨ ᠠᠵᠢᠯᠯᠠᠬᠤ ᠴᠡᠭ ᠪᠣᠯ ᠲᠠᠷᠤᠢ ᠨᠢᠭᠡ ᠬᠠᠷᠠᠭᠤᠯ ᠤᠨ ᠭᠠᠵᠠᠷ᠂ | ᠨᠢᠭᠡ ᠬᠢᠯᠢ ᠶᠢᠨ ᠠᠷᠠᠳ ᠪᠣᠯ ᠨᠢᠭᠡ ᠬᠠᠷᠠᠭᠤᠯ ᠤᠨ ᠴᠡᠷᠢᠭ ᠮᠥᠨ︾ ᠭᠡᠬᠦ ᠬᠢᠯᠢ ᠶᠢᠨ ᠬᠠᠮᠢᠶᠠᠷᠤᠯᠳᠠ ᠶᠢᠨ ᠵᠠᠭᠪᠤᠷ ᠢ | ᠪᠣᠶ ᠪᠣᠯᠭᠠᠭᠰᠠᠨ ᠪᠥᠭᠡᠳ ︽ᠤᠯᠤᠰ ᠢᠶᠠᠨ ᠬᠠᠶᠢᠷᠠᠯᠠᠬᠤ ᠬᠢᠴᠢᠶᠡᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠢᠴᠢᠶᠡᠯ᠂ ᠪᠦᠯᠬᠦᠮᠳᠡᠯ ᠤᠨ ᠬᠢᠴᠢᠶᠡᠯ᠂ ᠲᠠᠯᠠᠷᠬᠠᠯ ᠤᠨ ᠬᠢᠴᠢᠶᠡᠯ︾ ᠤᠨ ᠠᠵᠢᠯᠯᠠᠭ᠎ᠠ ᠪᠠᠷ ᠳᠠᠮᠵᠢᠭᠤᠯᠤᠨ᠂ ᠣᠯᠠᠨ | ᠲᠦᠮᠡᠨ ᠪᠠ ᠬᠢᠯᠢ ᠶᠢᠨ ᠬᠠᠮᠠᠭᠠᠯᠠᠯᠲᠠ ᠶᠢᠨ ᠴᠡᠷᠢᠭ ᠴᠠᠬᠳᠠᠭ᠎ᠠ ᠲᠠᠢ ᠬᠠᠮᠲᠤ ᠪᠠᠷ ᠰᠤᠷᠤᠯᠴᠠᠵᠤ ᠬᠠᠷᠢᠯᠴᠠᠨ | ᠬᠠᠪᠰᠤᠷᠤᠯᠴᠠᠵᠤ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠲᠤ ᠪᠠᠷ ᠪᠠᠳᠤᠯᠠᠨ᠎ᠠ᠃ | ᠡᠳᠦᠭᠡ᠂ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢ᠂ ᠨᠡᠭᠦᠳᠡᠯ ᠠᠷᠠᠳ ᠤᠨ | ᠬᠠᠮᠢᠶᠠᠷᠤᠯᠲᠠ ᠶᠢᠨ ᠴᠠᠭᠳᠠᠭ᠎ᠠ᠂ ︽ᠴᠠᠰᠤᠲᠤ ᠬᠤᠳᠠ ᠶᠢᠨ ᠵᠢᠷᠤᠮ ᠤᠨ ᠴᠠᠭᠳᠠᠭ᠎ᠠ︾᠂ ᠺᠠᠳ᠋ᠷ ᠤᠯᠠᠨ ᠲᠦᠮᠡᠨ ᠁ | ᠰᠡᠳᠭᠢᠯ ᠨᠢᠭᠡᠳᠦᠨ ᠬᠢᠯᠢ ᠬᠢᠵᠠᠭᠠᠷ ᠢᠶᠠᠨ ᠰᠠᠬᠢᠵᠤ᠂ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠬᠠᠮᠠᠭᠠᠯᠠᠵᠦ᠂ | ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠬᠠᠳᠠ ᠴᠢᠯᠠᠭᠤ ᠮᠡᠲᠦ | ᠪᠠᠬᠢᠵᠢᠬᠦᠯᠦᠨ᠎ᠡ᠃ | ︵ᠰᠦᠨ ᠯᠢ ᠵᠢᠩ︶ | | | |