ᠰᠢᠳᠦᠨ ᠳᠤ ᠳᠤᠰᠠᠳᠠᠢ
ᠨᠡᠶᠢᠲᠡᠯᠡᠭᠰᠡᠨ ᠴᠠᠭ᠄
2024/6/6
     ᠶᠠᠫᠤᠨ ᠤ ᠰᠤᠳᠤᠯᠭᠠᠲᠠᠳ ᠤᠨ ᠢᠯᠡᠷᠡᠭᠦᠯᠦᠭᠰᠡᠨ ᠢᠶᠠᠷ᠂ 45 ᠨᠡᠷ᠎ᠡ ᠰᠢᠳᠦᠨ ᠤ ᠲᠣᠭᠤᠷᠢᠨ ᠤ ᠦᠷᠪᠢᠰᠦᠯ ᠲᠠᠢ ᠡᠪᠡᠳᠴᠢᠲᠡᠨ ᠤ ᠡᠮᠴᠢᠯᠡᠭᠡᠨ ᠤ ᠰᠤᠳᠤᠯᠭᠠᠨ ᠳᠤ᠂ ᠴᠠᠢ ᠶᠢᠨ ᠠᠭᠤᠯᠤᠬᠳᠠᠴᠠ ᠲᠠᠢ ᠠᠮᠠ ᠵᠠᠶᠢᠯᠠᠬᠤ ᠤᠰᠤ ᠬᠡᠷᠡᠭᠯᠡᠭᠰᠡᠨ ᠬᠥᠮᠥᠨ ᠤ ᠰᠢᠯᠦᠰᠦᠨ ᠤ ᠥᠯᠢᠭᠡᠷ ᠡᠳ᠋ ᠤᠨ ᠳᠣᠲᠣᠷᠠᠬᠢ ᠪᠤᠶᠢᠯᠠ ᠶᠢᠨ ᠬᠠᠭᠤᠷᠮᠠᠭ ᠲᠠᠩ ᠡᠰᠲᠦ ᠪᠠᠺᠲ᠋ᠧᠷᠢ ᠶᠢᠨ ᠬᠢᠷᠢ ᠲᠦᠪᠰᠢᠨ ᠮᠡᠳᠡᠭᠳᠡᠮ᠎ᠡ ᠪᠠᠭᠤᠷᠠᠬᠰᠠᠨ ᠪᠠᠶᠢᠨ᠎ᠠ᠃ ᠡᠳ᠋ᠰᠢᠬᠦᠯᠦᠭᠰᠡᠨ ᠴᠠᠢ ᠪᠣᠯ ᠨᠢᠭᠡ ᠵᠦᠢᠯ ᠤᠨ ᠮᠠᠰᠢ ᠨᠠᠷᠢᠨ ᠨᠤᠨᠳᠠᠭᠯᠠᠭᠰᠠᠨ ᠨᠣᠭᠤᠭᠠᠨ ᠴᠠᠢ ᠶᠢᠨ ᠨᠤᠨᠳᠠᠭ ᠮᠥᠨ᠃ ᠤᠷᠲᠤ ᠬᠤᠭᠤᠴᠠᠭᠠᠨ ᠤ ᠲᠤᠷᠰᠢ᠂ ᠰᠢᠨᠵᠢᠯᠡᠬᠦ ᠤᠬᠠᠭᠠᠨᠲᠠᠳ ᠡᠳ᠋ᠰᠢᠬᠦᠯᠦᠭᠰᠡᠨ ᠴᠠᠢ ᠶᠢᠨ ᠪᠠᠺᠲ᠋ᠧᠷᠢ᠂ ᠵᠢᠩᠬᠢᠨᠢ ᠮᠦᠬᠦ ᠪᠣᠯᠣᠨ ᠸᠢᠷᠦ᠋ᠰ ᠲᠤ ᠦᠵᠡᠭᠦᠯᠬᠦ ᠳᠠᠯᠳᠠ ᠰᠠᠭᠠᠲᠠᠯᠲᠠ ᠶᠢᠨ ᠦᠢᠯᠡᠳᠦᠯ ᠢ ᠰᠤᠳᠤᠯᠤᠭᠰᠠᠭᠠᠷ ᠢᠷᠡᠵᠡᠢ᠃ ᠬᠠᠮᠢᠶ᠎ᠠ ᠪᠦᠬᠦᠢ ᠰᠤᠳᠤᠯᠭᠠᠨ ᠤ ᠦᠷ᠎ᠡ ᠳ᠋ᠦᠩ ᠠᠴᠠ ᠦᠵᠡᠪᠡᠯ᠂ ᠡᠳ᠋ᠰᠢᠬᠦᠯᠦᠭᠰᠡᠨ ᠴᠠᠢ ᠨᠢ ᠡᠪᠡᠳᠴᠢᠨ ᠡᠭᠦᠰᠬᠡᠭᠴᠢ ᠪᠠᠺᠲ᠋ᠧᠷᠢ ᠶᠢ ᠠᠯᠠᠬᠤ ᠢᠳᠡᠪᠬᠢ ᠴᠢᠨᠠᠷ ᠲᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号