ᠳᠤᠮᠳᠠᠳᠤ ᠤᠯᠤᠰ ᠤᠨ ᠡᠪ ᠬᠠᠮᠲᠤ ᠨᠠᠮ ᠤᠨ ᠷᠠᠰᠢᠶᠠᠨ ᠬᠤᠲᠠ ᠶᠢᠨ ᠬᠤᠷᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/1
     6 ᠰᠠᠷ᠎ᠠ ᠶᠢᠨ 26 ᠤ ᠡᠳᠦᠷ᠂ ᠷᠠᠰᠢᠶᠠᠨ ᠬᠤᠳᠠ ᠲᠤᠮᠳᠠᠳᠤ ᠤᠯᠤᠰ ᠤᠨ ᠡᠪ ᠬᠠᠮᠳᠤ ᠨᠠᠮ ᠤᠨ ᠷᠠᠰᠢᠶᠠᠨ ᠬᠤᠳᠠ ᠶᠢᠨ ᠬᠤᠷᠢᠶ᠎ᠠ ᠶᠢᠨ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠢᠢᠷ᠎ᠠ ᠶᠢᠨ ᠵᠢᠯ ᠤᠨ ᠲᠤᠷᠰᠢᠬᠢ ᠮᠠᠨ ᠤ ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠳ᠋ᠦᠩᠨᠡᠵᠦ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠡᠭᠦᠷᠭᠡ ᠶᠢ ᠴᠢᠩᠭᠠᠳᠬᠠᠨ ᠰᠠᠶᠢᠵᠢᠷᠠᠭᠤᠯᠬᠤ ᠲᠤᠬᠠᠢ ᠲᠤᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠰᠢᠶᠤᠤ ᠬᠤᠸᠠᠨ ᠬᠤᠷᠠᠯ ᠢ ᠡᠷᠭᠢᠯᠡᠭᠰᠡᠨ ᠪᠥᠭᠡᠳ ᠪᠣᠳᠠᠲᠠᠶ ᠪᠠᠶᠢᠷᠢᠯᠠᠭᠤᠯᠤᠯᠲᠠ ᠬᠢᠵᠦ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᡁᠢ ᠵᠢᠶᠦ᠋ᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃  ᠷᠡᠰᠢᠶᠠᠨ ᠬᠤᠲᠠ ᠶᠢᠨ ᠬᠤᠳᠡ ᠶᠢᠨ ᠲᠠᠰ ᠤᠨ ᠤᠳᠤᠷᠢᠳᠤᠯᠭ᠎ᠠ ᠨᠠᠷ ᠬᠤᠷᠠᠯ ᠳᠤ ᠤᠷᠤᠯᠴᠠᠪᠠ᠃      ᠬᠤᠷᠠᠯ ᠠᠴᠠ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠪᠣᠯᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣ ᠴᠣᠬᠴᠠᠯᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠪᠠᠷ ᠭᠤᠣᠯᠳᠠᠯᠭ᠎ᠠ ᠪᠣᠯᠭᠠᠨ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠦᠷᠢᠮ ᠤᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠨᠡᠩ ᠰᠠᠶᠢᠲᠤᠷ ᠪᠠᠳᠠᠷᠠᠭᠤᠯᠵᠤ᠂ ᠷᠠᠰᠢᠶᠠᠨ ᠤ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠰᠢᠨ᠎ᠡ ᠴᠠᠭ ᠦᠶ᠎ᠡ ᠳᠤ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠲᠠᠯ᠎ᠠ ᠶᠡᠭᠡ ᠲᠠᠯ᠎ᠠ ᠳᠤ ᠦᠢᠯᠡᠴᠢᠯᠡᠨ᠂ ᠵᠥᠪᠯᠡᠬᠦ ᠠᠷᠠᠳᠴᠢᠯᠠᠯ ᠢ ᠬᠥᠭᠵᠢᠭᠦᠯᠵᠺᠤ᠂ ᠪᠦᠯᠬᠦᠮᠳᠡᠯ ᠨᠢᠭᠡᠳᠦᠮᠡᠯ ᠹᠷᠣᠨᠲ ᠤᠨ ᠴᠢᠳᠠᠪᠬᠢ ᠶᠢ ᠪᠠᠳᠠᠷᠠᠭᠤᠯᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠤᠯᠤᠰ ᠲᠦᠷᠦ ᠶᠢᠨ ᠵᠥᠪᠯᠡᠯᠭᠡᠨ ᠤ ᠠᠵᠢᠯ ᠳᠤ ᠢᠮᠠᠭᠲᠠ ᠲᠤᠭᠤᠰᠢᠯᠠᠭᠤᠯᠵᠤ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠴᠢᠬᠤᠯᠠ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠬᠠᠮᠰᠠᠷ ᠠᠴᠠ ᠪᠠᠨ ︽ᠬᠤᠶᠠᠷ ᠢ ᠲᠣᠭᠲᠠᠭᠠᠬᠤ︾ ᠡᠷᠡᠰ ᠬᠦᠷᠢᠶᠡᠯᠡᠭᠴᠢ᠂ ︽ᠬᠤᠶᠠᠷ ᠢ ᠬᠠᠮᠠᠭᠠᠯᠠᠬᠤ︾ ᠡᠷᠡᠰ ᠦᠢᠯᠡᠳᠦᠯᠭᠡᠵᠢᠭᠦᠯᠦᠭᠴᠢ ᠪᠤᠯᠵᠤ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠶᠢ ᠴᠢᠷᠮᠠᠶᠢᠨ ᠢᠯᠡᠷᠡᠭᠦᠯᠬᠦ ᠬᠡᠷᠡᠭᠲᠡᠢ᠃ ᠤᠯᠤᠰ ᠲᠥᠷᠥ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠪᠥᠬᠦ ᠲᠠᠯ᠎ᠠ ᠪᠠ ᠴᠢᠬᠤᠯᠠ ᠡᠳᠦᠷ ᠤᠨ ᠳᠠᠷᠠᠭᠠᠯᠠᠯ ᠳᠤ ᠣᠷᠣᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠢᠮᠠᠭᠲᠠ ᠬᠤᠲᠠ ᠶᠢᠨ ᠨᠠᠮ ᠤᠨ ᠬᠤᠷᠢᠶᠠᠨ ᠤ ᠭᠤᠤᠯ ᠠᠵᠢᠯ ᠲᠠᠢ ᠵᠡᠷᠭᠡ ᠪᠠᠷ ᠶᠠᠪᠤᠭᠳᠠᠭᠤᠯᠵᠤ᠂ ᠬᠠᠮᠳᠣᠪᠡᠷ ᠬᠦᠴᠦᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠬᠠᠢ ᠨᠠᠮ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠬᠡᠷᠡᠭᠵᠢᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠦᠷᠦ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠦᠴᠦᠲᠡᠢ ᠪᠠᠲᠤᠯᠠᠭ᠎ᠠ ᠬᠠᠩᠭᠠᠬᠤ ᠪᠠᠷ ᠴᠢᠷᠮᠠᠶᠢᠵᠤ᠂ ᠡᠯ᠎ᠡ ᠪᠠᠯᠭᠠᠰᠤ ᠵᠡᠭᠡᠯᠢ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠢᠳᠡᠪᠬᠢᠲᠡᠢ ᠳᠡᠮᠵᠢᠨ ᠬᠠᠮᠵᠢᠯᠴᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠭᠡᠬᠦ ᠡᠨᠡ ᠬᠦ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠪᠣᠯᠤᠨ ᠠᠷᠠᠳᠴᠢᠯᠠᠯ ᠤᠨ ᠬᠡᠯᠪᠡᠷᠢ ᠶᠢ ᠨᠡᠩ ᠰᠠᠶᠢᠲᠤᠷ ᠬᠡᠷᠡᠭᠯᠡᠨ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢ ᠪᠡᠶᠡᠯᠡᠭᠦᠯᠬᠦ ᠳᠤ ᠦᠢᠯᠡᠴᠢᠯᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠡᠯ᠎ᠡ ᠪᠠᠯᠭᠠᠰᠤ ᠵᠡᠭᠡᠯᠢ ᠶᠢᠨ ᠨᠠᠮ ᠤᠨ ︵ᠠᠵᠢᠯ︶ ᠬᠤᠷᠢᠶᠠᠨ ᠤ ᠭᠤᠤᠯ ᠬᠠᠷᠢᠭᠤᠴᠠᠯᠭᠠᠲᠠᠨ ᠨᠥᠬᠦᠳ᠂ ᠨᠢᠭᠡᠳᠦᠮᠡᠯ ᠹᠷᠣᠨᠲ ᠤᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠡᠯ᠎ᠡ ᠬᠡᠯᠳᠡᠰ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠬᠡᠷ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠡᠯ᠎ᠡ ᠲᠤᠰᠬᠠᠶ ᠵᠥᠪᠯᠡᠯ ᠤᠨ ᠡᠷᠬᠢᠯᠡᠭᠴᠢ ᠵᠢᠴᠢ ᠤᠯᠤᠰ ᠲᠥᠷᠥ ᠶᠢᠨ ᠵᠥᠪᠯᠡᠯᠭᠡᠨ ᠤ ᠡᠲᠡᠭᠡᠳ ᠤᠨ ᠢᠯᠭᠠᠯ ᠤᠨ ᠭᠡᠰᠢᠭᠦᠳ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃    
 
ᠢᠷᠡᠯᠲᠡ᠄ ᠷᠡᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号