ᠷᠠᠰᠢᠶᠠᠨ ᠬᠤᠲᠠ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠤᠰᠬᠠᠶ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/1
     6 ᠰᠠᠷ᠎ᠠ ᠶᠢᠨ 26 ᠤ ᠡᠳᠦᠷ᠂ ᠷᠠᠰᠢᠶᠠᠨ ᠬᠤᠳᠠ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠤᠰᠬᠠᠢ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠳᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ᠂ ᠪᠦᠬᠦ ᠬᠤᠳᠠ ᠪᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠦᠷᠦ ᠶᠢᠨ ᠦᠨᠳᠦᠷᠴᠡ ᠠᠴᠠ ᠬᠢᠨᠠᠨ ᠵᠢᠯᠣᠭᠤᠳᠴᠤ ᠪᠠᠶᠢᠴᠠᠭᠠᠬᠤ ᠵᠢᠭᠠᠪᠤᠷᠢ ᠱᠠᠭᠠᠷᠳᠠᠯᠭ᠎ᠠ ᠪᠣᠯᠤᠨ ᠬᠠᠷᠢᠭᠤ ᠲᠤᠰᠬᠠᠬᠤ ᠠᠰᠠᠭᠤᠳᠠᠯ ᠢ ᠪᠠᠷᠢᠮᠵᠢᠶᠠᠯᠠᠵᠤ᠂ ᠤᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠪᠠᠷ ᠪᠠᠷᠢᠮᠵᠢᠶ᠎ᠠ ᠪᠣᠯᠭᠠᠨ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠵᠤ᠂ ᠤᠶᠤᠨ ᠴᠢᠳᠠᠯ ᠢᠶᠠᠨ ᠲᠥᠪᠯᠡᠷᠡᠭᠦᠯᠦᠨ ᠨᠢᠭᠡ ᠪᠦᠯᠦᠭ ᠤᠯᠠᠨ ᠲᠦᠮᠡᠨ ᠤ ᠳᠡᠷᠭᠡᠳᠡᠬᠢ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠦᠨᠡᠨ ᠬᠦ ᠮᠡᠳᠡᠷᠡᠭᠦᠯᠬᠦ ᠬᠡᠷᠡᠭᠲᠡᠢ᠃ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠵᠠᠯᠬᠠᠭᠠᠨ ᠰᠢᠳᠬᠡᠬᠦ ᠰᠦᠷ ᠬᠦᠴᠦᠲᠦ ᠪᠠᠶᠢᠳᠠᠯ ᠢ ᠪᠠᠲᠤᠯᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠮᠯᠡᠯ ᠠᠪᠬᠤ ᠳᠤ ᠬᠦᠴᠢᠷ ᠵᠡᠷᠭᠡ ᠠᠷᠠᠳ ᠤᠨ ᠠᠮᠢᠳᠤᠷᠠᠯ ᠤᠨ ᠬᠦᠴᠢᠷ ᠲᠦᠪᠡᠭᠲᠡᠢ ᠠᠰᠠᠭᠤᠳᠠᠯ ᠢ ᠴᠢᠩᠭ᠎ᠠ ᠠᠩᠬᠠᠷᠴᠤ᠂ ᠠᠰᠠᠭᠤᠳᠠᠯ ᠤᠨ ᠰᠦᠪᠡᠭᠴᠢ ᠶᠢᠨ ᠢᠷᠡᠯᠲᠡ ᠶᠢ ᠲᠠᠰᠤᠷᠠᠯᠲᠠ ᠦᠭᠡᠢ ᠥᠷᠭᠡᠳᠬᠡᠵᠦ᠂ ᠢᠮᠠᠭᠲᠠ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢ ᠴᠢᠩᠭ᠎ᠠ ᠵᠢᠷᠤᠮᠯᠠᠨ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠤᠨᠢᠨ ᠳᠡᠭᠡᠷ᠎ᠡ ᠨᠢ ᠵᠢᠷᠤᠮᠵᠢᠭᠤᠯᠤᠨ ᠬᠠᠷᠢᠭᠤᠴᠠᠯᠭ᠎ᠠ ᠨᠡᠬᠡᠮᠵᠢᠯᠡᠵᠦ᠂ ᠳᠡᠭᠡᠳᠦ ᠱᠠᠲᠤᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠪᠥᠬᠦ ᠬᠤᠲᠠ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠲᠣᠰ ᠰᠠᠯᠠᠭ᠎ᠠ ᠮᠥᠴᠢᠷ ᠲᠣᠰ ᠨᠢᠭᠡᠴᠢ ᠶᠢᠨ ᠢᠶᠠᠨ ᠨᠠᠮ ᠢ ᠬᠠᠮᠢᠶᠠᠷᠴᠤ ᠨᠠᠮ ᠢ ᠵᠠᠰᠠᠬᠤ ᠠᠵᠢᠯ ᠤᠨ ᠪᠥᠬᠦ ᠲᠠᠯ᠎ᠠ ᠳᠤ ᠣᠷᠣᠭᠤᠯᠬᠤ ᠬᠡᠷᠡᠭᠲᠡᠶ᠃ ᠬᠤᠲᠠ ᠶᠢᠨ ᠱᠠᠲᠤᠨ ᠤ ᠤᠳᠤᠷᠢᠳᠤᠯᠭ᠎ᠠ ᠲᠦᠷᠦᠭᠦᠯᠡᠨ ᠳᠠᠭᠠᠭᠠᠴᠢᠯᠠᠵᠤ᠂ ᠲᠣᠬᠢᠷᠠᠭᠤᠯᠤᠯᠲᠠ ᠪᠠᠨ ᠴᠢᠩᠭᠠᠳᠬᠠᠵᠤ᠂ ᠭᠤᠤᠯᠳᠠᠯᠭ᠎ᠠ ᠲᠠᠢ ᠠᠰᠠᠭᠤᠳᠠᠯ ᠢ ᠰᠢᠢᠳᠪᠦᠷᠢᠯᠡᠬᠦ ᠶᠢ ᠴᠢᠩᠭᠠᠳᠬᠠᠬᠤ ᠬᠡᠷᠡᠭᠲᠡᠶ︔ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠴᠠᠭ ᠤᠨ ᠵᠠᠩᠭᠢᠯᠭ᠎ᠠ ᠶᠢᠨ ᠴᠡᠭ ᠢ ᠴᠢᠩᠭ᠎ᠠ ᠵᠢᠷᠤᠮᠯᠠᠨ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ︔ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠢᠴᠡᠳᠬᠡᠬᠦ ᠶᠢ ᠴᠢᠩᠭᠠᠳᠬᠠᠵᠤ᠂ ᠬᠡᠯᠪᠡᠷᠢᠴᠢ ᠦᠵᠡᠯ ᠢ ᠡᠷᠡᠰ ᠬᠤᠷᠢᠭᠯᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠷᠢᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠪᠠᠶᠢᠩᠭᠤ ᠶᠢᠨ ᠪᠥᠭᠡᠳ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠴᠡᠭᠴᠡᠯᠡᠨ ᠵᠠᠰᠠᠵᠤ᠂ ᠠᠷᠠᠳ ᠣᠯᠠᠨ ᠳᠤ ᠦᠨᠡᠨ ᠬᠤᠪᠢᠷᠠᠯᠲᠠ ᠶᠢ ᠦᠵᠡᠭᠦᠯᠵᠦ᠂ ᠦᠨᠡᠨ ᠦᠷ᠎ᠡ ᠪᠦᠲᠦᠮᠵᠢ ᠣᠯᠵᠤ᠂ ᠦᠨᠡᠨ ᠪᠣᠳᠠᠲᠠᠶ ᠠᠰᠢᠭ ᠬᠦᠷᠲᠡᠭᠡᠵᠦ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠲᠠ ᠶᠢᠨ ᠤᠳᠤᠷᠢᠳᠤᠯᠭ᠎ᠠ ᠸᠠᠩ ᠰᠢᠶᠤᠤ ᠬᠤᠸᠠᠨ᠂ ᠬᠠᠨ ᠴᠠᠩ ᠵᠢᠦ᠂ ᠶᠠᠩ ᠪᠦᠦ ᠲᠢᠶᠠᠨ᠂ ᠯᠦ ᠴᠢ ᠭᠦᠸᠧ᠂ ᠵᠣᠣ ᠫᠧᠩ ᠴᠢ᠂ ᠦ᠋ ᠫᠸᠢ᠂ ᠴᠢᠶᠣᠤ ᠹᠧᠩ ᠯᠢᠨ᠂ ᠵᠣᠣ ᠰᠢ ᠵᠢᠦ᠂ ᠪᠠᠶ ᠹᠧᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠷᠡᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号