2023 ᠣᠨ ᠤ ᠷᠠᠰᠢᠶᠠᠨ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2024/7/10
     ᠷᠠᠰᠢᠶᠠᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ︵2024 ᠣᠨ ᠤ 4 ᠰᠠᠷ᠎ᠠ ᠶᠢᠨ 7 ᠤ ᠡᠳᠦᠷ      2023 ᠣᠨ ᠳᠤ᠂ ᠪᠦᠬᠦ ᠬᠤᠳᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠠᠢ᠃ ᠷᠡᠰᠢᠶᠠᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠪᠡ᠃ ᠵᠠᠬ᠎ᠠ ᠳᠡᠯᠭᠡᠭᠦᠷ ᠤᠨ ᠬᠡᠷᠡᠭᠴᠡᠭᠡ ᠲᠣᠭᠲᠠᠭᠤᠨ ᠢ ᠪᠠᠲᠤᠯᠠᠵᠤ᠂ ᠠᠵᠢᠯ ᠣᠯᠭᠤᠯᠲᠠ ᠶᠢᠨ ᠪᠠᠷᠠᠭᠠᠨ ᠤ ᠦᠨ᠎ᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠰᠠᠭᠤᠭᠠᠯᠢ ᠠᠷᠠᠳ ᠤᠨ ᠣᠷᠣᠯᠭ᠎ᠠ ᠦᠷᠭᠦᠯᠵᠢᠯᠡᠨ ᠨᠡᠮᠡᠭᠳᠡᠵᠦ᠂ ᠪᠦᠬᠦ ᠬᠤᠳᠠ ᠶᠢᠨ ᠠᠵᠤ ᠠᠬᠤᠢ ᠲᠣᠭᠲᠠᠭᠤᠨ ᠢᠶᠠᠷ ᠳᠡᠭᠡᠭᠰᠢᠯᠡᠪᠡ᠃
 
ᠢᠷᠡᠯᠲᠡ᠄ ᠷᠡᠰᠢᠶᠠᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号