2023 ᠣᠨ ᠤ ᠷᠠᠰᠢᠶᠠᠨ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ‍ᠤᠨ‌ᠠᠯᠪᠠᠨ ᠮᠡᠳᠡᠭᠡ ︵1︶
ᠨᠡᠶᠢᠲᠡᠯᠡᠭᠰᠡᠨ ᠴᠠᠭ᠄
2024/7/10
ᠨᠢᠭᠡ᠂ ᠶᠡᠷᠦᠩᠬᠡᠶᠢᠯᠡᠯ      2023 ᠣᠨ ᠳᠤ᠂ ᠷᠠᠰᠢᠶᠠᠨ ᠬᠤᠳᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 23.10 ᠳ᠋ᠦᠩᠰᠢᠭᠤᠷ ᠲᠥᠭᠦᠷᠢᠭ ᠲᠤ ᠬᠦᠷᠴᠦ᠂ ᠬᠤᠪᠢᠷᠠᠬᠤ ᠦᠭᠡᠢ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠪᠡ᠃ ᠠᠵᠤ ᠦᠢᠯᠡᠰ ᠤᠨ ᠬᠤᠪᠢᠶᠠᠷᠢᠯᠡᠯ ᠢᠶᠠᠷ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 5.43 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 3.54 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.9% ᠪᠠᠷ ᠪᠠᠭᠤᠷᠠᠪᠠ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 14.13 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.5% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠲᠦᠴᠡ ᠶᠢ ᠨᠢᠳᠤᠨᠤᠨ ᠤ ᠠᠳᠠᠯᠢ ᠬᠤᠭᠤᠴᠠᠭᠠᠨ ᠤ 23.5᠄ 16.9᠄ 59.6 ᠪᠠᠶᠢᠭᠰᠠᠨ ᠠᠴᠠ 23.5᠄ 15.3᠄ 61.2 ᠪᠣᠯᠭᠠᠨ ᠲᠣᠬᠢᠷᠠᠭᠤᠯᠪᠠ᠃      2023 ᠣᠨ ᠤ ᠪᠥᠬᠦ ᠵᠢᠯ ᠳᠤ ᠬᠤᠲᠠ ᠪᠠᠯᠭᠠᠰᠤᠨ ᠤ 450 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠳᠡᠭᠡᠷ᠎ᠡ ᠵᠢᠯ ᠤᠨ ᠬᠢ ᠠᠴᠠ 28 ᠬᠥᠮᠦᠨ ᠬᠠᠰᠤᠭᠳᠠᠵᠤ᠂ ᠬᠤᠲᠠ ᠪᠠᠯᠭᠠᠰᠤᠨ ᠤ 348 ᠠᠵᠢᠯ ᠠᠯᠳᠠᠭᠰᠠᠳ ᠲᠤ ᠳᠠᠬᠢᠨ ᠠᠵᠢᠯ ᠣᠯᠭᠤᠪᠠ᠃ ᠵᠢᠯ ᠤᠨ ᠡᠴᠦᠰ ᠲᠤ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ ᠶᠢ 5% ᠶᠢᠨ ᠳᠣᠲᠤᠷ᠎ᠠ ᠬᠢᠵᠠᠭᠠᠷᠯᠠᠪᠡ᠃ ᠪᠦᠬᠦ ᠵᠢᠯ ᠳᠤ 620 ᠲᠦᠮᠡᠨ ᠲᠥᠭᠦᠷᠢᠭ ᠤᠨ ᠪᠠᠭ᠎ᠠ ᠲᠣᠭᠠᠨ ᠤ  ᠵᠢᠭᠡᠯᠡᠯᠭᠡ ᠲᠠᠯᠪᠢᠪᠡ᠃ ︵ᠷᠠᠰᠢᠶᠠᠨ ᠬᠤᠲᠠ ᠶᠢᠨ ᠠᠵᠢᠯ ᠣᠯᠭᠤᠯᠲᠠ ᠶᠢᠨ ᠲᠣᠪᠴᠢᠶ᠎ᠠ ᠠᠴᠠ ᠬᠠᠩᠭᠠᠪᠠ︶    
     ᠪᠦᠬᠦ ᠵᠢᠯ ᠳᠤ ᠡᠩ ᠤᠨ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 9296 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 3.02 % ᠢᠶᠠᠷ ᠪᠠᠭᠤᠷᠠᠪᠠ᠃ ᠡᠩ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠵᠠᠷᠤᠯᠭ᠎ᠠ 219535 ᠲᠦᠮᠡᠨ ᠲᠥᠭᠦᠷᠢᠭ ᠪᠠᠶᠢᠵᠤ᠂ ᠳᠡᠭᠡᠷ᠎ᠡ ᠵᠢᠯ ᠤᠨ ᠬᠢ ᠠᠴᠠ 23.58% ᠪᠠᠷ ᠨᠡᠮᠡᠭᠳᠡᠪᠡ᠃ ᠡᠭᠦᠨ ᠳᠤ᠄ ᠰᠤᠷᠭᠠᠨ ᠬᠥᠮᠦᠵᠢᠯ ᠤᠨ ᠵᠠᠷᠤᠯᠭ᠎ᠠ 8363 ᠲᠦᠮᠡᠨ ᠲᠥᠭᠦᠷᠢᠭ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠬᠡᠷᠡᠭ ᠶᠠᠪᠤᠳᠠᠯ ᠤᠨ ᠵᠠᠷᠤᠯᠭ᠎ᠠ 39603 ᠲᠦᠮᠡᠨ ᠲᠥᠭᠦᠷᠢᠭ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 24442 ᠲᠦᠮᠡᠨ ᠲᠥᠭᠦᠷᠢᠭ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 7 883 ᠲᠦᠮᠡᠨ ᠲᠥᠭᠦᠷᠢᠭ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠠᠷᠤᠯᠭ᠎ᠠ 5973 ᠲᠦᠮᠡᠨ ᠲᠥᠭᠦᠷᠢᠭ᠂ ᠡᠩ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ 22231 ᠲᠦᠮᠡᠨ ᠲᠥᠭᠦᠷᠢᠭ᠂ ᠣᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ 5497 ᠲᠦᠮᠡᠨ ᠲᠥᠭᠦᠷᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ 535 ᠲᠦᠮᠡᠨ ᠲᠥᠭᠦᠷᠢᠭ᠂ ᠡᠨᠡ ᠨᠠᠢᠮᠠᠨ ᠵᠦᠢᠯ ᠤᠨ ᠵᠠᠷᠤᠯᠭ᠎ᠠ ᠨᠢ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 52.17% ᠶᠢ ᠡᠵᠡᠯᠡᠪᠡ᠃ ︵ᠷᠠᠰᠢᠶᠠᠨ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠠᠩᠭᠠᠪᠠ︶
 
ᠢᠷᠡᠯᠲᠡ᠄ ᠷᠡᠰᠢᠶᠠᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号