ᠶᠢᠰᠦ᠂ ᠰᠣᠶᠣᠯ ᠪᠠ ᠡᠷᠡᠭᠦᠯ ᠬᠠᠮᠠᠭᠠᠯᠠᠯ ᠤᠨ ᠣᠶᠢᠯᠡᠰ | 2023 ᠣᠨ ᠤ ᠵᠢᠯ ᠤᠨ ᠡᠴᠦᠰ ᠲᠤ ᠪᠦᠬᠦ ᠬᠤᠲᠠ ᠳᠤ ᠤᠷᠠᠯᠢᠭ ᠤᠨ ᠲᠣᠭᠯᠠᠯᠲᠠ ᠶᠢᠨ ᠪᠦᠯᠬᠦᠮ ︵ | ᠤᠯᠠᠭᠠᠨᠮᠥ᠋ᠴᠢᠷ︶ 1᠂ ᠲᠡᠤᠬᠡ ᠶᠢᠨ ᠳᠤᠷᠠᠰᠬᠠᠯᠲᠤ ᠵᠦᠢᠯ ᠤᠨ ᠬᠠᠮᠢᠶᠠᠷᠤᠯᠲᠠ ᠶᠢᠨ ᠥᠷᠲᠡᠭᠡ 1᠂ ᠰᠣᠶᠣᠯ ᠤᠨ | ᠣᠷᠳᠣᠨ 1᠂ ᠨᠣᠮ ᠤᠨ ᠰᠠᠩ 2᠂ ᠶᠡᠷᠦᠩᠬᠡᠶᠢᠯᠡᠭᠰᠡᠨ ᠰᠣᠶᠣᠯ ᠤᠨ ᠥᠷᠲᠡᠭᠡ 8 ᠪᠠᠶᠢᠨ᠎ᠠ᠃ ︵ᠷᠠᠰᠢᠶᠠᠨ | ᠬᠤᠲᠠ ᠶᠢᠨ ᠰᠣᠶᠣᠯ ᠵᠤᠭᠠᠴᠠᠯ ᠤᠨ ᠲᠣᠪᠴᠢᠶ᠎ᠠ ᠠᠴᠠ ᠬᠠᠩᠭᠠᠪᠠ︶᠃ ᠵᠢᠯ ᠤᠨ ᠡᠴᠦᠰ ᠪᠤᠯᠳᠠᠯ᠎ᠠ ᠪᠦᠬᠦ | ᠬᠤᠳᠠ ᠶᠢᠨ ᠷᠠᠳᠢᠤ᠋ ᠨᠡᠪᠳᠡᠷᠡᠭᠦᠯᠭᠡ 2 ᠪᠠᠶᠢᠵᠦ᠂ ᠷᠠᠳᠢᠤ᠋ ᠨᠡᠪᠳᠡᠷᠡᠭᠦᠯᠭᠡ ᠶᠢᠨ ᠶᠡᠷᠦᠩᠭᠡᠢ ᠬᠦᠮᠦᠨ ᠠᠮᠠ ᠶᠢᠨ | ᠪᠦᠷᠬᠦᠴᠡ 98.5% ᠳᠤ ᠬᠦᠷᠪᠡ᠃ | 2023 ᠣᠨ ᠤ ᠵᠢᠯ ᠤᠨ ᠡᠴᠤᠰ ᠪᠤᠯᠳᠠᠯ᠎ᠠ ᠪᠦᠬᠦ ᠬᠤᠳᠠ ᠶᠢᠨ ᠡᠷᠡᠬᠦᠯ ᠬᠠᠮᠠᠭᠠᠯᠠᠯ ᠤᠨ ᠪᠠᠶᠢᠭᠤᠯᠤᠮᠵᠢ ︵ | ᠬᠤᠪᠢ ᠬᠦᠮᠦᠨ ᠢ ᠪᠠᠭᠳᠠᠭᠠᠨ᠎ᠡ︶ 29 ᠪᠤᠯᠵᠠᠢ᠂ ᠡᠬᠦᠨ ᠳᠤ ᠡᠮᠨᠡᠯᠬᠡ ᠶᠢᠨ ᠬᠤᠷᠢᠶ᠎ᠠ᠂ ᠡᠷᠡᠬᠦᠯ ᠬᠠᠮᠠᠭᠠᠯᠠᠯ ᠤᠨ | ᠬᠤᠷᠢᠶ᠎ᠠ ︵ᠨᠡᠶᠢᠬᠡᠮ ᠲᠤᠭᠤᠷᠢᠬ᠂ ᠡᠷᠡᠬᠦᠯᠵᠢᠯ ᠤᠨ ᠡᠮᠨᠡᠯᠬᠡ ᠶᠢᠨ ᠬᠤᠷᠢᠶ᠎ᠠ᠂ ᠬᠢᠳᠠᠳ ᠡᠮᠨᠡᠯᠬᠡ ᠶᠢᠨ ᠬᠤᠷᠢᠶ᠎ᠠ | ᠪᠠᠭᠳᠠᠨ᠎ᠠ︶ 10 ᠪᠤᠢ᠃ ᠵᠢᠯ ᠤᠨ ᠡᠴᠤᠰ ᠲᠤ ᠡᠯ᠎ᠠ ᠡᠮᠴᠢᠯᠡᠭᠡᠨ ᠤ ᠨᠢᠭᠡᠴᠢ ᠳᠤ 192 ᠡᠪᠡᠳᠴᠢᠳᠡᠨ ᠤ ᠤᠷᠤ ᠶᠢ | ᠬᠡᠷᠡᠭᠯᠡᠵᠠᠢ᠃ ᠵᠢᠯ ᠤᠨ ᠰᠡᠬᠦᠯᠴᠢ ᠳᠤ ᠪᠦᠬᠦ ᠬᠤᠳᠠ ᠶᠢᠨ ᠡᠷᠡᠬᠦᠯ ᠬᠠᠮᠠᠭᠠᠯᠠᠯ ᠤᠨ ᠮᠡᠷᠭᠡᠵᠢᠯᠲᠡᠨ 238 ᠬᠦᠮᠦᠨ᠂ | ᠡᠬᠦᠨ ᠳᠤ ᠠᠵᠢᠯ ᠡᠷᠬᠢᠯᠡᠬᠦ ᠶᠡᠭᠡ ᠡᠮᠴᠢ ︵ᠠᠵᠢᠯ ᠡᠷᠬᠢᠯᠡᠬᠦ ᠲᠤᠰᠠᠯᠠᠭᠴᠢ ᠶᠡᠭᠡ ᠡᠮᠴᠢ︶ 118 ᠬᠦᠮᠦᠨ᠂ | ᠲᠠᠩᠰᠠᠯᠠᠭᠤᠯᠤᠭᠰᠠᠨ ᠰᠤᠪᠢᠯᠠᠭᠴᠢ 120 ᠬᠦᠮᠦᠨ ᠪᠠᠶᠢᠨ᠎ᠠ᠃ ᠪᠦᠬᠦ ᠬᠤᠳᠠ ᠳᠤ ᠡᠬᠡ ᠨᠢᠯᠬᠠᠰ ᠤᠨ ᠡᠷᠡᠭᠦᠯ | ᠬᠠᠮᠠᠭᠠᠯᠠᠯ ᠡᠷᠡᠭᠦᠯᠵᠢᠯ ᠤᠨ ᠪᠠᠶᠢᠭᠤᠯᠤᠮᠵᠢ 1 ᠪᠠᠶᠢᠵᠤ᠂ ᠡᠷᠡᠭᠦᠯ ᠬᠠᠮᠠᠭᠠᠯᠠᠯ ᠤᠨ ᠮᠡᠷᠭᠡᠵᠢᠯᠲᠡᠨ 6 ᠪᠠᠶᠢᠨ᠎ᠠ᠃ | ᠵᠢᠯ ᠤᠨ ᠡᠴᠦᠰ ᠲᠤ ᠪᠦᠬᠦ ᠬᠤᠲᠠ ᠳᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ 1᠂ ᠡᠷᠡᠭᠦᠯ | ᠬᠠᠮᠠᠭᠠᠯᠠᠯ ᠤᠨ ᠮᠡᠷᠭᠡᠵᠢᠯᠲᠡᠨ 16 ᠪᠠᠶᠢᠨ᠎ᠠ᠃ ᠪᠦᠬᠦ ᠬᠤᠳᠠ ᠳᠤ ᠰᠢᠶᠠᠩ ᠪᠠᠯᠭᠠᠰᠤᠨ ᠤ ᠡᠷᠡᠬᠦᠯ ᠬᠠᠮᠠᠭᠠᠯᠠᠯ ᠤᠨ | ᠬᠤᠷᠢᠶ᠎ᠠ 4᠂ ᠡᠪᠡᠳᠴᠢᠳᠡᠨ ᠤ ᠤᠷᠤ 44᠂ ᠡᠷᠡᠬᠦᠯ ᠬᠠᠮᠠᠭᠠᠯᠠᠯ ᠤᠨ ᠮᠡᠷᠭᠡᠵᠢᠯᠲᠡᠨ 43 ᠪᠠᠶᠢᠨ᠎ᠠ᠃ ︵ᠷᠠᠰᠢᠶᠠᠨ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠠᠩᠭᠠᠪᠠ︶ |