ᠠᠷᠪᠠ᠂ ᠬᠥᠮᠦᠨ ᠠᠮᠠ᠂ ᠠᠷᠠᠳ ᠤᠨ ᠠᠮᠢᠳᠤᠷᠠᠯ ᠪᠠ ᠨᠡᠶᠢᠭᠡᠮ ᠤᠨ ᠪᠠᠲᠤᠯᠠᠭ᠎ᠠ ᠶᠢᠨ ᠣᠶᠢᠯᠡᠰ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠷᠦᠬᠡ ᠠᠮᠠ ᠶᠢᠨ ᠪᠦᠷᠢᠳᠬᠡᠯ ᠢ ᠦᠨᠳᠦᠰᠦᠯᠡᠪᠡᠯ᠂ ᠵᠢᠯ ᠤᠨ | ᠡᠴᠦᠰ ᠲᠤ ᠪᠦᠬᠦ ᠬᠤᠲᠠ ᠶᠢᠨ ᠡᠷᠦᠬᠡ ᠠᠮᠠ ᠶᠢᠨ ᠶᠡᠷᠦᠩᠬᠡᠶ ᠬᠥᠮᠦᠨ ᠠᠮᠠ 40339 ᠪᠠᠶᠢᠵᠤ᠂ ᠳᠡᠭᠡᠷ᠎ᠡ | ᠵᠢᠯ ᠤᠨ ᠬᠢ ᠠᠴᠠ 1168 ᠬᠥᠮᠦᠨ ᠬᠠᠰᠤᠭᠳᠠᠪᠠ᠃ ᠡᠭᠦᠨ ᠳᠤ᠂ ᠮᠣᠩᠭᠤᠯ ᠦᠨᠳᠦᠰᠦᠲᠡᠨ ᠤ ᠬᠥᠮᠦᠨ ᠠᠮᠠ | 7398 ᠬᠥᠮᠦᠨ᠂ ᠠᠳᠠᠯᠢ ᠬᠤᠭᠤᠴᠠᠭᠠᠨ ᠤ ᠬᠢ ᠠᠴᠠ 2.2% ᠢᠶᠠᠷ ᠪᠠᠭᠤᠷᠠᠵᠤ᠂ ᠶᠡᠷᠦᠩᠬᠡᠶ ᠬᠥᠮᠦᠨ ᠠᠮᠠ ᠶᠢᠨ | 18.34% ᠶᠢ ᠡᠵᠡᠯᠡᠪᠡ︔ ᠪᠤᠰᠤᠳ ᠴᠥᠭᠡᠨ ᠲᠣᠭᠠᠲᠤ ᠦᠨᠳᠦᠰᠦᠲᠡᠨ 1782 ᠬᠥᠮᠦᠨ᠂ ᠠᠳᠠᠯᠢ | ᠬᠤᠭᠤᠴᠠᠭᠠᠨ ᠤ ᠬᠢ ᠠᠴᠠ 2.2% ᠢᠶᠠᠷ ᠪᠠᠭᠤᠷᠠᠵᠤ᠂ ᠶᠡᠷᠦᠩᠬᠡᠶ ᠬᠥᠮᠦᠨ ᠠᠮᠠ ᠶᠢᠨ 4.42% ᠢ ᠡᠵᠡᠯᠡᠪᠡ᠃ ︵ | ᠷᠠᠰᠢᠶᠠᠨ ᠬᠤᠲᠠ ᠶᠢᠨ ᠳᠣᠳᠣᠭᠠᠳᠣ ᠶᠢ ᠬᠠᠮᠠᠭᠠᠯᠠᠬᠤ ᠲᠣᠪᠴᠢᠶ᠎ᠠ ᠠᠴᠠ ᠬᠠᠩᠭᠠᠪᠠ︶ | ᠪᠥᠬᠦ ᠬᠤᠲᠠ ᠶᠢᠨ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | 36406 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 7.6% ᠪᠠᠷ ᠨᠡᠮᠡᠭᠳᠡᠪᠡ︔ ᠪᠥᠬᠦ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠶ ᠵᠠᠷᠤᠯᠭ᠎ᠠ 25513 ᠲᠥᠭᠦᠷᠢᠭ ᠲᠤ ᠬᠦᠷᠴᠦ᠂ | ᠳᠡᠭᠡᠷ᠎ᠡ ᠵᠢᠯ ᠤᠨ ᠬᠢ ᠠᠴᠠ 24.6% ᠪᠠᠷ ᠨᠡᠮᠡᠭᠳᠡᠪᠡ᠃ ᠪᠦᠬᠦ ᠵᠢᠯ ᠤᠨ ᠬᠤᠲᠠ ᠪᠠᠯᠭᠠᠰᠤᠨ ᠤ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 37816 | ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 6.3% ᠪᠠᠷ ᠨᠡᠮᠡᠭᠳᠡᠪᠡ᠃ ᠪᠦᠬᠦ ᠵᠢᠯ ᠤᠨ ᠮᠠᠯᠵᠢᠬᠤ | ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ 16617 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 8.8% ᠪᠠᠷ ᠨᠡᠮᠡᠭᠳᠡᠪᠡ᠃ | | | |