2023 ᠣᠨ ᠤ ᠷᠠᠰᠢᠶᠠᠨ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ ︵11︶
ᠨᠡᠶᠢᠲᠡᠯᠡᠭᠰᠡᠨ ᠴᠠᠭ᠄
2024/7/10
ᠠᠷᠪᠠᠨ ᠨᠢᠭᠡ᠂ ᠠᠮᠢ ᠠᠬᠤᠶ ᠣᠷᠴᠢᠨ ᠲᠣᠭᠤᠷᠢᠨ      2023 ᠣᠨ ᠤ  ᠪᠦᠬᠦ ᠵᠢᠯ ᠳᠤ 7377.44 ᠾᠧᠺᠲ᠋ᠠᠷ ᠣᠶᠢᠵᠢᠭᠤᠯᠪᠠ᠂ ᠡᠭᠦᠨ ᠳᠤ ᠬᠥᠮᠦᠨ ᠤ ᠬᠦᠴᠦ ᠪᠠᠷ 710.74 ᠾᠧᠺᠲ᠋ᠠᠷ ᠣᠶᠢᠵᠢᠭᠤᠯᠵᠤ᠂ ︽ᠭᠤᠷᠪᠠᠨ ᠤᠮᠠᠷᠠᠲᠤ︾ ᠶᠢᠨ ᠬᠠᠯᠬᠠᠪᠴᠢ ᠣᠢ ᠶᠢ 6666.7 ᠾᠧᠺᠲ᠋ᠠᠷ ᠪᠢᠲᠡᠭᠦᠮᠵᠢᠯᠡᠨ ᠣᠶᠢᠵᠢᠭᠤᠯᠪᠠ᠃ 10610.09 ᠾᠧᠺᠲ᠋ᠠᠷ ᠣᠢ ᠰᠢᠭᠤᠶ ᠶᠢ ᠣᠶᠢᠵᠢᠭᠤᠯᠵᠤ᠂ ᠬᠥᠷᠥᠰᠥ ᠰᠢᠷᠤᠶ ᠶᠢ ᠬᠠᠮᠠᠭᠠᠯᠠᠵᠤ ᠵᠠᠰᠠᠬᠰᠠᠨ ᠲᠠᠯᠠᠪᠠᠢ 7827 ᠾᠧᠺᠲ᠋ᠠᠷ᠂ ᠤᠢ ᠰᠢᠭᠤᠢ ᠶᠢᠨ ᠲᠠᠯᠠᠪᠠᠢ 601586.4 ᠾᠧᠺᠲ᠋ᠠᠷ᠂ ᠤᠢ ᠰᠢᠭᠤᠢ ᠶᠢᠨ ᠪᠦᠷᠬᠦᠴᠡ 76.4% ᠳᠤ ᠬᠦᠷᠪᠡ᠃      ᠪᠦᠬᠦ ᠬᠤᠳᠠ ᠳᠤ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠢ 1 ᠲᠤᠭᠳᠠᠭᠠᠪᠠ᠃ ᠡᠭᠦᠨ ᠳᠤ᠄ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ 1᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠠᠯᠠᠪᠠᠶ 38567 ᠾᠧᠺᠲ᠋ᠠᠷ ᠪᠣᠯᠤᠨ᠎ᠠ᠃      ᠲᠠᠶᠢᠯᠪᠤᠷᠢ᠄      1. ᠲᠣᠰ ᠠᠯᠪᠠᠨ ᠮᠡᠳᠡᠭᠦᠯᠦᠯᠲᠡ ᠶᠢᠨ ᠲᠤᠭ᠎ᠠ ᠪᠣᠯ ᠠᠩᠬ᠎ᠠ ᠠᠯᠬᠤᠮ ᠤᠨ ᠪᠦᠷᠢᠳᠬᠡᠯ ᠲᠤᠭ᠎ᠠ ᠪᠣᠯᠣᠨ᠎ᠠ᠃      2. ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠵᠢᠴᠢ ᠬᠤᠪᠢᠶᠠᠷᠢ ᠠᠵᠤ ᠦᠢᠯᠡᠰ ᠤᠨ ᠨᠡᠮᠡᠭᠳᠡᠯ ᠥᠷᠲᠡᠭ ᠤᠨ ᠬᠠᠷᠢᠴᠠᠯᠠᠰᠢ ᠦᠭᠡᠶ ᠲᠤᠭ᠎ᠠ ᠶᠢ ᠣᠳᠣ ᠶᠢᠨ ᠦᠨ᠎ᠡ ᠪᠠᠷ ᠪᠣᠳᠣᠵᠤ᠂ ᠨᠡᠮᠡᠭᠳᠡᠯ ᠤᠨ ᠬᠤᠷᠳᠤᠴᠠ ᠶᠢ ᠬᠠᠷᠢᠴᠠᠭᠤᠯᠵᠤ ᠪᠣᠯᠬᠤ ᠦᠨ᠎ᠡ ᠬᠠᠩᠰᠢ ᠪᠠᠷ ᠪᠣᠳᠣᠪᠡ᠃      3. ᠬᠥᠮᠦᠨ ᠠᠮᠠ ᠶᠢᠨ ᠠᠶᠠᠨᠳᠠᠭᠠᠨ ᠥᠰᠬᠦ ᠨᠣᠷᠮ᠎ᠠ ᠶᠢ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠬᠠᠩᠭᠠᠭᠰᠠᠨ ᠬᠠᠮᠢᠶ᠎ᠠ ᠪᠦᠬᠦᠢ ᠲᠤᠭ᠎ᠠ ᠪᠠᠷᠢᠮᠲᠠ ᠪᠠᠷ ᠪᠣᠳᠣᠬᠤ ᠶᠢᠨ ᠬᠠᠮᠲᠤ  ᠢᠯᠡ ᠨᠠᠶᠢᠳᠡᠯᠡᠪᠡ᠃      4. ᠬᠡᠰᠡᠭ ᠲᠤᠭ᠎ᠠ ᠪᠠᠷᠢᠮᠲᠠ ᠨᠢ ᠳᠥᠷᠪᠡ ᠶᠢ ᠬᠠᠶᠠᠵᠣ ᠲᠠᠪᠤ ᠶᠢ ᠣᠷᠣᠭᠤᠯᠣᠬᠰᠠᠨ ᠠᠴᠠ ᠬᠤᠪᠢᠶᠠᠷᠢ ᠲᠤᠭ᠎ᠠ ᠶᠢ ᠨᠠᠶᠢᠯᠡᠬᠦᠯᠣᠨ ᠪᠣᠳᠣᠬᠰᠠᠨ ᠦᠷ᠎ᠡ ᠳ᠋ᠦᠩ ᠲᠠᠢ ᠠᠳᠠᠯᠢ ᠦᠭᠡᠢ ᠪᠠᠶᠢᠳᠠᠯ ᠣᠷᠣᠰᠢᠵᠤ ᠮᠠᠳᠡᠨ᠎ᠠ᠃
 
ᠢᠷᠡᠯᠲᠡ᠄ ᠷᠡᠰᠢᠶᠠᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号