ᠷᠠᠰᠢᠶᠠᠨ ᠬᠤᠳᠠ ᠵᠢᠭᠤᠯᠴᠢᠯᠠᠯ ᠤᠨ ᠠᠮᠠᠷᠠᠯᠳᠠ ᠶᠢᠨ ᠤᠷᠤᠨ ᠤᠯᠤᠰ ᠤᠨ ᠲᠠᠰ ᠤᠨ ᠵᠢᠭᠤᠯᠴᠢᠯᠠᠯ ᠤᠨ ᠣᠷᠣᠨ ᠢᠶᠠᠷ ᠲᠤᠬᠳᠠᠭᠠᠬᠳᠠᠵᠠᠢ
ᠨᠡᠶᠢᠲᠡᠯᠡᠭᠰᠡᠨ ᠴᠠᠭ᠄
2024/7/12
    ᠤᠶᠢᠷ᠎ᠠ ᠶᠢᠨ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠤ ᠵᠣᠬᠢᠶᠠᠨ ᠪᠠᠶᠢᠭᠤᠯᠵᠤ ᠮᠠᠭᠠᠳᠯᠠᠨ ᠲᠣᠭᠲᠠᠭᠠᠭᠰᠠᠨ ᠪᠠ ᠵᠠᠷᠯᠠᠨ ᠨᠡᠶᠢᠲᠡᠯᠡᠭᠰᠡᠨ ᠢᠶᠠᠷ᠂ ᠷᠠᠰᠢᠶᠠᠨ ᠬᠤᠳᠠ ᠶᠢᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢᠶᠠᠷ ᠲᠣᠭᠲᠠᠭᠠᠬᠳᠠᠵᠦ᠂ ᠮᠠᠨ ᠤ ᠣᠷᠣᠨ ᠤ ᠠᠩᠬᠠᠳᠠᠭᠴᠢ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠪᠣᠯᠤᠭᠰᠠᠨ ᠪᠠᠶᠢᠨ᠎ᠠ᠃ ᠡᠨᠡ ᠨᠢ ᠤᠯᠤᠰ ᠤᠨ 5A ᠲᠠᠰ ᠤᠨ ᠦᠵᠡᠮᠵᠢ ᠶᠢᠨ ᠣᠷᠣᠨ ᠪᠠ ᠳᠡᠯᠡᠬᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠢᠶᠠᠷ ᠦᠨᠡᠯᠡᠭᠳᠡᠭᠰᠡᠨ ᠤ ᠲᠠᠷᠠᠭᠠᠬᠢ ᠪᠠᠰᠠ ᠨᠢᠭᠡᠨ ᠤᠯᠤᠰ ᠤᠨ ᠲᠡᠰ ᠤᠨ ᠢᠷᠠᠭᠤ ᠠᠯᠳᠡᠷ ᠪᠤᠯᠬᠤ ᠶᠤᠮ᠃     ᠷᠠᠰᠢᠶᠠᠨ ᠬᠤᠳᠠ ᠬᠠᠯᠠᠭᠤᠨ ᠷᠠᠰᠢᠶᠠᠨ᠂ ᠨᠤᠭᠤ ᠭᠠᠵᠠᠷ᠂ ᠭᠠᠯᠲᠤ ᠠᠭᠤᠯᠠ᠂ ᠮᠥᠰᠥ ᠴᠠᠰᠤ᠂ ᠣᠶ ᠰᠢᠭᠤᠢ᠂ ᠲᠠᠯ᠎ᠠ ᠨᠤᠲᠤᠭ ᠵᠡᠷᠭᠡ ᠪᠠᠶᠢᠭᠠᠯᠢ ᠶᠢᠨ ᠦᠵᠡᠮᠵᠢ ᠲᠠᠢ᠃ ᠲᠤᠰ ᠬᠤᠳᠠ ᠥᠪᠡᠷᠮᠢᠴᠡ ᠤᠨᠴᠠᠯᠢᠭ ᠲᠠᠢ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠵᠢᠭᠤᠯᠴᠢᠯᠠᠯ ᠤᠨ ᠦᠢᠯᠡᠳᠬᠦᠨ ᠤ ᠠᠭᠤᠯᠭ᠎ᠠ ᠪᠠᠨ ᠪᠠᠶᠠᠯᠢᠭᠵᠢᠭᠤᠯᠬᠤ᠂ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠵᠡᠷᠭᠡ ᠲᠣᠭᠲᠠᠴᠠ ᠶᠢ ᠡᠭᠦᠳᠴᠦ᠂ ᠭᠤᠣᠯᠳᠠᠯᠭ᠎ᠠ ᠲᠠᠢ ᠲᠥᠷᠥᠯ ᠵᠦᠢᠯ ᠢ ᠤᠷᠢᠳ ᠬᠤᠵᠢᠳ 62 ᠬᠡᠷᠡᠭᠵᠢᠭᠦᠯᠪᠡ᠃ ᠪᠠᠰᠠ ᠬᠠᠯᠠᠭᠤᠨ ᠷᠠᠰᠢᠶᠠᠨ ᠤ ᠵᠢᠭᠤᠯᠴᠢᠯᠡᠯ ᠤᠨ ᠪᠦᠲᠦᠭᠡᠭᠳᠡᠬᠦᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠣᠶ ᠰᠢᠭᠤᠢ ᠶᠢᠨ ᠡᠷᠡᠭᠦᠯᠵᠢᠯ ᠰᠤᠪᠢᠯᠠᠯᠲᠠ ᠶᠢᠨ ᠰᠢᠰᠲ᠋ᠧᠮ ᠢ ᠪᠦᠷᠢᠯᠳᠦᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠠᠩ ᠣᠯᠠᠨ ᠡᠰᠢᠵᠢᠭᠰᠡᠨ᠂ ᠰᠡᠯᠡᠭᠦᠴᠡᠨ ᠵᠢᠭᠤᠯᠴᠢᠯᠠᠬᠤ ᠳᠤ ᠲᠤᠬᠢᠷᠠᠮᠵᠢᠳᠠᠢ ᠤᠷᠤᠨ ᠪᠤᠯᠭᠠᠪᠠ᠃     ᠷᠠᠰᠢᠶᠠᠨ ᠬᠤᠲᠠ ᠪᠠᠰᠠ ︽ᠲᠦᠷᠢ ᠲᠦᠷᠬᠦ︾ ᠪᠠ ︽ᠳᠤᠲᠤᠭᠠᠳᠤ ᠠᠭᠤᠯᠬᠤᠨ︾ ᠢ ᠵᠡᠷᠭᠡ ᠪᠠᠷ ᠴᠢᠬᠤᠯᠠᠴᠢᠯᠠᠵᠦ᠂ ︽ᠥᠭᠡᠷᠡᠴᠢᠯᠡᠯᠲᠡ ᠬᠢᠬᠦ᠂ ᠳᠤᠲᠠᠭᠤᠳᠠᠯ ᠢᠶᠠᠨ ᠨᠥᠬᠦᠪᠦᠷᠢᠯᠡᠬᠦ᠂ ᠴᠡᠭᠴᠡᠯᠡᠨ ᠵᠠᠰᠠᠬᠤ︾ ᠲᠤᠰᠬᠠᠢ ᠠᠵᠢᠯᠯᠠᠭ᠎ᠠ ᠦᠷᠨᠢᠬᠦᠯᠵᠤ᠂ ᠠᠮᠠᠷᠠᠯᠲᠠ ᠶᠢᠨ ᠣᠷᠣᠨ ᠤ ᠦᠢᠯᠡᠴᠢᠯᠡᠭᠡᠨ ᠤ ᠴᠢᠳᠠᠮᠵᠢ ᠪᠠᠨ ᠲᠡᠭᠦᠯᠳᠡᠷᠵᠢᠭᠦᠯᠤᠨ᠂ ᠲᠦᠷᠢ ᠲᠦᠷᠭᠦ ᠶᠢ ᠲᠠᠬᠢᠨ ᠱᠤᠭᠤᠵᠦ᠂ ᠠᠮᠠᠷᠠᠯᠲᠠ ᠶᠢᠨ ᠣᠷᠣᠨ ᠢᠶᠠᠷ ᠭᠤᠣᠯ ᠪᠣᠯᠭᠠᠭᠰᠠᠨ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠤᠨ᠂ ᠬᠤᠲᠠ ᠶᠢᠨ ᠡᠷᠡᠭᠦᠯᠵᠢᠯ ᠰᠤᠪᠢᠯᠠᠯᠲᠠ ᠪᠠ ᠠᠮᠠᠷᠠᠯᠲᠠ ᠶᠢᠨ ᠴᠢᠳᠠᠮᠵᠢ ᠶᠢ ᠨᠠᠩ ᠲᠡᠭᠦᠯᠳᠡᠷᠵᠢᠭᠦᠯᠪᠠ᠃ ᠲᠤᠰ ᠬᠤᠳᠠ ᠪᠠᠰᠠ ᠵᠠᠬ᠎ᠠ ᠳᠡᠯᠭᠡᠭᠦᠷ ᠪᠠ ᠵᠢᠭᠤᠯᠴᠢᠯᠠᠭᠰᠳ ᠤᠨ ᠬᠠᠷᠠᠭᠠᠰᠤ ᠶᠢ ᠦᠨᠳᠦᠰᠦᠯᠡᠵᠦ᠂ ᠵᠢᠵᠢᠭ ᠰᠠᠵᠢᠭ ᠢ ᠠᠯᠳᠠᠬᠤ ᠦᠭᠡᠢ᠂ ᠪᠣᠳᠠᠲᠠᠢ ᠠᠴᠠ ᠭᠠᠷᠳᠠᠬᠤ᠂ ᠵᠢᠭᠤᠯᠴᠢᠯᠠᠯ ᠢ ᠪᠠᠷᠢᠮᠵᠢᠶᠠᠵᠢᠭᠤᠯᠬᠤ᠂ ᠬᠥᠮᠥᠡᠯᠢᠭᠵᠢᠭᠦᠯᠬᠦ᠂ ᠴᠢᠨᠠᠷᠵᠢᠭᠤᠯᠬᠤ ᠵᠡᠷᠭᠡ ᠶᠢ ᠴᠢᠬᠤᠯᠠᠴᠢᠯᠠᠵᠦ᠂ ᠣᠶᠢᠷ᠎ᠠ ᠶᠢ ᠪᠠᠭ᠋ᠠᠷᠬᠠᠨ ᠬᠤᠯᠠ ᠠᠶᠢᠯᠴᠢᠯᠠᠬᠤ᠂ ᠬᠥᠮᠥᠨ ᠪᠦᠬᠦᠨ ᠳᠤ ᠮᠠᠭᠲᠠᠭᠳᠠᠬᠤ ᠰᠢᠨ᠎ᠡ ᠳᠦᠷᠢ ᠲᠥᠷᠬᠦ ᠶᠢ ᠱᠤᠭᠤᠪᠠ᠃ ᠷᠠᠰᠢᠶᠠᠨ ᠬᠤᠲᠠ ᠪᠠᠰᠠ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾᠂ ︽ᠰᠣᠶᠣᠯ ᠪᠠ ᠪᠠᠶᠢᠭᠠᠯᠢ ᠶᠢᠨ ᠥᠪ ᠤᠨ ᠡᠳᠦᠷ︾ ᠢ ᠠᠰᠢᠬᠯᠠᠨ ᠬᠤᠷᠴᠠ ᠤᠯᠠᠭᠠᠨ ᠴᠡᠴᠡᠭ ᠤᠨ ᠨᠠᠶᠢᠷ᠂ ᠠᠭᠤᠯᠠ ᠠᠪᠠᠷᠢᠬᠤ ᠤᠯᠠᠷᠢᠯ ᠂ ᠮᠥᠰᠥ ᠴᠠᠰᠤᠨ ᠤ ᠨᠠᠶᠢᠷ ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠵᠢᠴᠢ ᠰᠤᠷᠤᠯᠭ᠎ᠠ ᠶᠢᠨ ᠨᠠᠶᠢᠵᠢ ᠶᠢᠨ ᠠᠵᠤ ᠠᠬᠤᠢ ᠶᠢᠨ ᠶᠠᠷᠢᠯᠴᠠᠭᠠᠨ ᠤ ᠲᠠᠪᠴᠠᠩ᠂ ᠵᠢᠭᠤᠯᠴᠢᠯᠠᠯ ᠠᠮᠠᠷᠠᠯᠲᠠ ᠶᠢᠨ ᠶᠡᠭᠡ ᠬᠤᠷᠠᠯ᠂ ᠯᠦ ᠬᠤ᠋ ᠶᠡᠭᠡ ᠬᠤᠷᠠᠯ ᠵᠡᠷᠭᠡ ᠳᠡᠭᠡᠳᠦ ᠲᠠᠰ ᠤᠨ ᠶᠠᠷᠢᠶᠠᠨ ᠤ ᠲᠠᠪᠴᠠᠩ ᠡᠷᠬᠢᠯᠡᠵᠦ᠂ ᠳᠤᠮᠳᠠᠳᠤ ᠤᠯᠤᠰ ᠤᠨ ᠠᠷᠪᠠᠨ ᠶᠡᠭᠡ ᠬᠦᠷᠬᠦ ᠶᠤᠰᠤᠲᠠᠢ ᠬᠤᠲᠠ᠂ ᠵᠤᠰᠠᠯᠠᠩ ᠤᠨ ᠰᠢᠯᠢᠳᠡᠭ ᠭᠠᠵᠠᠷ᠂ ᠳᠤᠮᠳᠠᠳᠤ ᠤᠯᠤᠰ ᠤᠨ ︽ᠨᠡᠭᠦᠳᠡᠯ ᠤᠨ ᠰᠢᠪᠠᠭᠤ ᠮᠠᠶ᠋ᠢᠭ︾ ᠤᠨ ᠨᠠᠰᠤᠵᠢᠯ ᠤᠨ ᠵᠣᠨ ᠤ ᠤᠯᠠᠷᠢᠯ ᠤᠨ ᠠᠮᠢᠳᠤᠷᠠᠬᠤ ᠭᠠᠵᠠᠷ᠂ ᠳᠤᠮᠳᠠᠳᠤ ᠮᠣᠩᠭᠤᠯ ᠣᠷᠣᠰ ᠤᠨ ᠵᠣᠬᠢᠶᠠᠨ ᠪᠦᠲᠦᠭᠡᠬᠦ ᠰᠠᠭᠤᠷᠢᠨ ᠵᠡᠷᠭᠡ ᠢᠷᠠᠭᠤ ᠠᠯᠳᠠᠷ ᠢ ᠭᠥᠷᠳᠡᠨ᠂ ᠷᠠᠰᠢᠶᠠᠨ ᠤ ᠵᠢᠭᠤᠯᠴᠢᠯᠠᠯ ᠤᠨ ᠲᠦᠷᠦᠯ ᠲᠡᠮᠳᠡᠭ ᠤᠨ ᠳᠦᠷᠢ ᠲᠥᠷᠬᠦ ᠶᠢ ᠶᠡᠭᠡ ᠪᠠᠷ ᠠᠯᠳᠠᠷᠰᠢᠭᠤᠯᠪᠠ     ᠷᠠᠰᠢᠶᠠᠨ ᠬᠤᠲᠠ ᠤᠳᠤ ︽ᠤᠯᠤᠰ ᠤᠨ ᠳᠣᠲᠣᠭᠠᠳᠤ ᠶᠢᠨ ᠲᠡᠷᠢᠭᠦᠨ ᠵᠡᠷᠭᠡ ᠶᠢᠨ᠂ ᠣᠯᠠᠨ ᠤᠯᠤᠰ ᠤᠨ ᠨᠠᠷᠠᠲᠤ︾ ᠵᠢᠭᠤᠯᠴᠢᠯᠠᠯ ᠠᠮᠠᠷᠠᠯᠲᠠ ᠶᠢᠨ ᠬᠤᠲᠠ ᠶᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠨᠠᠩ ᠣᠯᠠᠨ ᠰᠢᠨ᠎ᠡ ᠦᠢᠯᠡᠳᠬᠦᠨ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠢ ᠬᠦᠴᠦᠯᠡᠨ ᠪᠣᠶ ᠪᠣᠯᠭᠠᠵᠤ᠂ ᠠᠮᠠᠷᠠᠯᠲᠠ ᠶᠢᠨ ᠣᠷᠣᠨ ᠤ ᠶᠠᠰᠤ ᠴᠢᠨᠠᠷ ᠢ ᠲᠠᠰ ᠲᠡᠪᠰᠢᠭᠦᠯᠦᠨ᠂ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠲᠡᠷᠢᠭᠦᠨ ᠰᠣᠩᠭᠤᠯᠲᠠ ᠶᠢᠨ ᠭᠠᠵᠠᠷ᠂ ᠰᠢᠯᠢᠳᠡᠭ ᠰᠣᠩᠭᠤᠯᠲᠠ ᠶᠢᠨ ᠭᠠᠵᠠᠷ᠂ ᠵᠠᠪᠠᠯ ᠰᠣᠩᠭᠤᠬᠤ ᠭᠠᠵᠠᠷ ᠪᠣᠯᠭᠠᠬᠤ ᠪᠠᠷ ᠴᠢᠷᠮᠠᠶᠢᠵᠦ ᠪᠠᠶᠢᠨ᠎ᠠ᠃ ︵ᠳᠠᠷᠬᠠᠨ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号