ᠲᠠᠯ᠎ᠠ ᠨᠤᠲᠤᠭ ᠲᠠᠢ ᠪᠠᠨ ᠪᠤᠯᠵᠤᠬᠰᠠᠨ ᠪᠠᠶᠠᠷᠲᠦ ᠨᠠᠭᠠᠳᠦᠮ ᠲᠠᠩᠰᠤᠬ ᠪᠠᠶᠢᠭᠠᠯᠢ ᠲᠠᠢ ᠪᠠᠨ ᠤᠶᠢᠷᠠᠳᠤᠬᠰᠠᠨ ᠦᠵᠡᠰᠭᠦᠯᠠᠩᠲᠦ ᠨᠠᠶᠢᠷ
ᠨᠡᠶᠢᠲᠡᠯᠡᠭᠰᠡᠨ ᠴᠠᠭ᠄
2024/7/12
    ᠦᠡᠭᠭᠡ ᠶᠢᠨ ᠴᠡᠴᠡᠭ ᠮᠢᠷᠠᠯᠵᠠᠨ ᠳᠡᠯᠭᠡᠷᠡᠭᠰᠡᠨ ᠳᠡᠯᠭᠡᠷ ᠵᠤᠨ ᠤ ᠰᠠᠶᠢᠬᠠᠨ ᠤᠯᠠᠷᠢᠯ ᠳᠤ᠂ ᠬᠢᠨᠭ᠍ᠭᠠᠨ ᠠᠶᠢᠮᠠᠭ ᠤᠨ ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠤᠯᠠᠭᠠᠨᠮᠥᠳᠥ ᠳᠠᠯ᠎ᠠ ᠨᠤᠳᠤᠭ ᠭᠤᠶᠤ ᠰᠠᠶᠢᠬᠠᠨ ᠦᠩᠭᠡ ᠦᠵᠡᠮᠵᠢ ᠪᠠᠷ ᠢᠶᠠᠨ ᠬᠤᠯᠠ ᠤᠶᠢᠷ᠎ᠠ ᠶᠢᠨ ᠵᠢᠭᠤᠯᠴᠢᠯᠠᠭᠰᠠᠳ ᠤᠨ ᠪᠠᠭ᠋ᠠᠷᠬᠠᠯ ᠢ ᠳᠠᠳᠠᠵᠤ ᠪᠤᠢ᠃     7 ᠰᠠᠷ᠎ᠠ ᠶᠢᠨ 17 — 8 ᠰᠠᠷ᠎ᠠ ᠶᠢᠨ 18 ᠤ ᠡᠳᠥᠷ ᠪᠤᠯᠳᠠᠯ᠎ᠠ᠂ ᠡᠨᠡ ᠵᠢᠯ ᠤᠨ ᠬᠢᠩᠭᠠᠨ ᠠᠶᠢᠮᠠᠭ ᠤᠨ ᠨᠠᠭᠠᠳᠤᠮ ᠦᠪᠡᠳᠡᠭᠰᠢ ᠶᠡᠭᠡ ᠪᠠᠷ ᠶᠠᠪᠤᠭᠳᠠᠬᠤ ᠪᠠᠷ ᠪᠠᠶᠢᠨ᠎ᠠ᠃ ᠲᠤᠰ ᠤᠳᠠᠭ᠎ᠠ ᠮᠤᠷᠢ ᠤᠷᠤᠯᠳᠤᠬᠤ᠂ ᠪᠦᠭᠡ ᠪᠠᠷᠢᠯᠳᠤᠬᠤ᠂ ᠰᠤᠷ ᠬᠠᠷᠪᠤᠬᠤ᠂ ᠤᠷᠠᠨ ᠰᠠᠶᠢᠬᠠᠨ ᠤ ᠲᠤᠭᠯᠠᠯᠳᠠ ᠭᠠᠷᠭᠠᠬᠤ ᠵᠢᠴᠢ ᠦᠨᠳᠥᠰᠥᠳᠡᠨ ᠤ ᠬᠤᠪᠴᠠᠰᠥ ᠵᠠᠰᠠᠯ ᠤᠨ ᠦᠵᠡᠬᠦᠯᠭᠡ ᠭᠠᠷᠭᠠᠬᠤ ᠵᠡᠷᠭᠡ ᠤᠯᠠᠨ ᠠᠵᠢᠯᠯᠠᠭ᠎ᠠ ᠲᠤᠬᠢᠷᠠᠭᠤᠯᠵᠦ᠂ ᠮᠠᠯᠴᠢᠨ ᠳᠠᠷᠢᠶᠠᠴᠢᠳ ᠵᠢᠴᠢ ᠬᠤᠯᠠ ᠤᠶᠢᠷ᠎ᠠ ᠶᠢᠨ ᠬᠦᠮᠦᠨ ᠵᠤᠨ ᠤ ᠪᠠᠨ ᠬᠠᠷᠠᠭ᠎ᠠ ᠰᠤᠨᠤᠷ ᠢ ᠪᠠᠶᠠᠰᠬᠠᠬᠤ ᠪᠤᠯᠤᠨ᠎ᠠ᠃ ᠪᠠᠰᠠ ᠪᠠᠶᠢᠭᠠᠯᠢ ᠶᠢᠨ ᠦᠵᠡᠮᠵᠢ ᠰᠤᠨᠢᠷᠬᠠᠬᠤ᠂ ᠦᠪᠡᠰᠥᠪᠡᠨ ᠳᠡᠷᠭᠡ ᠵᠢᠯᠤᠭᠤᠳᠥᠨ ᠰᠡᠯᠡᠬᠦᠴᠡᠨ ᠵᠢᠭᠤᠯᠴᠢᠯᠠᠬᠤ᠂ ᠪᠤᠳᠠᠰ ᠤᠨ ᠪᠤᠰᠥ ᠰᠤᠶᠤᠯ ᠤᠨ ᠦᠪ ᠢ ᠪᠡᠶᠡᠴᠢᠯᠡᠨ ᠤᠶᠢᠯᠠᠭᠠᠬᠤ ᠵᠢᠴᠢ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠬᠦᠷ ᠢᠶᠠᠷ ᠳᠤᠭᠤᠷᠢᠬᠤ ᠵᠡᠷᠭᠡ ᠬᠡᠯᠪᠡᠷᠢ ᠪᠠᠷ ᠬᠦᠷᠥᠯᠴᠡᠨ ᠢᠷᠡᠭᠰᠡᠨ ᠵᠢᠭᠤᠯᠴᠢᠯᠠᠭᠴᠢᠳ ᠲᠠᠯ᠎ᠠ ᠨᠤᠳᠤᠭ ᠤᠨ ᠲᠠᠩᠰᠤᠭ ᠰᠠᠶᠢᠬᠠᠨ ᠦᠩᠭᠡ ᠦᠵᠡᠮᠵᠢ ᠳᠤ ᠰᠤᠬᠳᠤᠭᠤᠷᠠᠬᠤ ᠪᠤᠯᠤᠨ᠎ᠠ᠃     ᠤᠶᠢᠷ᠎ᠠ ᠶᠢᠨ ᠵᠢᠯ ᠠᠴᠠ ᠨᠠᠭᠠᠰᠢ᠂ ᠬᠢᠩᠭᠠᠨ ᠠᠶᠢᠮᠠᠭ ᠭᠠᠵᠠᠷ ᠤᠷᠤᠨ ᠤ ᠪᠠᠨ ᠪᠤᠳᠠᠳᠤ ᠪᠠᠶᠢᠳᠡᠯ ᠳᠠᠭᠠᠨ ᠴᠢᠭᠯᠡᠭᠦᠯᠦᠨ ᠵᠢᠭᠤᠯᠴᠢᠯᠠᠯ ᠤᠨ ᠦᠢᠯᠡᠰ ᠢ ᠬᠦᠭᠵᠢᠭᠦᠯᠦᠭᠡᠳ ᠬᠤᠯᠠ ᠤᠶᠢᠷ᠎ᠠ ᠶᠢᠨ ᠵᠢᠭᠤᠯᠴᠢᠯᠠᠬᠴᠢᠳ ᠤᠨ ᠲᠠᠭᠠᠰᠢᠶᠠᠯ ᠢ ᠤᠯᠵᠦ ᠪᠤᠢ᠃ ᠤᠨᠴᠠᠭᠠᠶᠢᠯᠠᠨ ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠤᠯᠠᠭᠠᠨᠮᠥᠳᠥ ᠰᠤᠮᠤ ᠦᠨᠳᠦᠰᠦᠳᠡᠨ ᠤ ᠤᠨᠴᠠᠯᠢᠭ ᠲᠠᠢ ᠰᠤᠶᠤᠯ ᠵᠢᠭᠤᠯᠴᠢᠯᠠᠯ ᠤᠨ ᠨᠡᠷᠡᠳᠥ ᠳᠡᠮᠳᠡᠭ ᠪᠤᠯᠬᠤ ᠠᠷᠠᠳ ᠤᠨ ᠵᠠᠩ ᠥᠢᠯᠡ ᠶᠢ ᠤᠶᠢᠯᠠᠭᠠᠬᠤ᠂ ᠳᠠᠯ᠎ᠠ ᠨᠤᠳᠤᠭ ᠤᠨ ᠰᠤᠶᠤᠯ ᠢ ᠪᠠᠶᠠᠴᠢᠯᠠᠨ ᠤᠶᠢᠯᠠᠭᠠᠬᠤ ᠵᠡᠷᠭᠡ ᠦᠪᠡᠷᠮᠢᠴᠡ ᠤᠨᠴᠠᠯᠢᠭ ᠪᠦᠬᠦᠢ ᠵᠢᠭᠤᠯᠴᠢᠯᠠᠯ ᠤᠨ ᠰᠢᠨ᠎ᠡ ᠪᠦᠳᠥᠭᠡᠭᠳᠡᠬᠦᠨ ᠢ ᠡᠬᠦᠳᠴᠤ᠂ ᠪᠦᠬᠦ ᠠᠶᠢᠮᠠᠭ ᠤᠨ ᠰᠤᠶᠤᠯ ᠵᠢᠭᠤᠯᠴᠢᠯᠠᠯ ᠤᠨ ᠦᠢᠯᠡᠰ ᠲᠤ ᠨᠢᠭᠡ ᠮᠦᠷᠦ ᠶᠢᠨ ᠬᠦᠴᠦ ᠪᠠᠨ ᠡᠷᠭᠦᠭᠰᠡᠭᠡᠷ ᠢᠷᠡᠵᠠᠢ᠃
  ᠡᠭᠡ ᠪᠢᠴᠢᠭ ᠪᠠ ᠭᠡᠷᠡᠯ ᠰᠡᠭᠦᠳᠡᠷ ᠢ ᠤᠷᠠᠨᠳᠤᠳᠢ ᠯᠢᠶᠠᠨ ᠪᠤᠤ ᠱᠤᠸᠠᠩ ᠯᠦᠩ ᠬᠠᠨᠭ᠍ᠭᠠᠪᠠ᠃
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号