ᠢᠷᠪᠢᠰ ᠵᠡᠭᠡᠯᠢ ︽ᠤᠷᠠᠨ ᠭᠠᠷ ᠢᠶᠠᠷ ᠳᠡᠪᠢᠭᠦᠷ ᠵᠢᠷᠤᠬᠤ ᠪᠠᠶᠠᠷ ᠬᠥᠷ ᠲᠠᠢ DIY︾ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/15
     ᠨᠠᠰᠤᠲᠠᠢᠴᠤᠳ ᠤᠨ ᠠᠵᠢᠯ ᠤᠨ ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠣᠨ᠂ ᠢᠳᠡᠪᠬᠢᠲᠡᠢ ᠥᠭᠡᠳᠡᠯᠡᠨ ᠲᠠᠪᠰᠢᠬᠤ ᠵᠢᠴᠢ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠨᠡᠢᠭᠡᠮ ᠲᠣᠭᠤᠷᠢᠭ ᠤᠨ ᠠᠭᠤᠷ ᠠᠮᠢᠰᠭᠤᠯ ᠢ ᠪᠣᠢ ᠪᠣᠯᠭᠠᠬᠤ ᠶᠢᠨ ᠬᠠᠮᠲᠤ᠂ ᠨᠠᠰᠤᠲᠠᠢᠴᠤᠳ ᠤᠨ ᠭᠠᠷ ᠬᠥᠳᠡᠯᠬᠦ ᠴᠢᠳᠠᠪᠤᠷᠢ ᠪᠣᠯᠣᠨ ᠪᠠᠶ᠎ᠠ ᠮᠠᠬᠠᠪᠣᠳ ᠤᠨ ᠡᠷᠡᠬᠦᠯ ᠮᠠᠨᠳᠣ ᠶᠢ ᠴᠢᠩᠭᠠᠳᠬᠠᠬᠤ ᠶᠢᠨ ᠲᠥᠯᠥᠭᠡ  ᠂ 7 ᠰᠠᠷ᠎ᠠ ᠶᠢᠨ 11 ᠤ ᠡᠳᠦᠷ ᠤᠨ ᠦᠳᠡ ᠶᠢᠨ ᠬᠤᠢᠨ᠎ᠠ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠬᠢᠨ ᠬᠢᠩᠭᠠᠨ ᠠᠢᠮᠠᠭ ᠤᠨ ᠨᠡᠶᠢᠭᠡᠮ ᠤᠨ ᠠᠵᠢᠯ ᠤᠨ ᠨᠡᠢᠭᠡᠮᠯᠢᠭ ᠤᠨ ᠠᠵᠢᠯᠲᠠᠨ ᠲᠠᠢ ᠬᠠᠮᠲᠤᠷᠠᠨ ᠨᠠᠰᠤᠲᠠᠢᠴᠤᠳ ᠢ ᠵᠣᠬᠢᠶᠠᠨ ᠪᠠᠢᠭᠤᠯᠵᠤ ︽ᠤᠷᠠᠨ ᠭᠠᠷ ᠢᠶᠠᠷ ᠳᠡᠪᠢᠭᠦᠷ  ᠵᠢᠷᠤᠬᠤ ᠪᠠᠶᠠᠷ ᠬᠥᠷ ᠲᠠᠢ DIY︾ ᠶᠢᠨ ᠠᠵᠢᠯᠯᠠᠭ᠎ᠠ ᠶᠢ ᠥᠷᠨᠢᠭᠦᠯᠪᠡ᠃      ᠠᠵᠢᠯᠯᠠᠭ᠎ᠠ ᠳᠤ᠂ ᠠᠵᠢᠯᠲᠠᠳ ᠨᠠᠰᠣᠳᠡᠶᠢᠴᠣᠳ ᠲᠤ ᠭᠠᠷ ᠤᠷᠠᠯᠠᠯ ᠤᠨ ᠮᠠᠲ᠋ᠧᠷᠢᠶᠠᠯ ᠲᠠᠷᠬᠠᠭᠠᠬᠤ ᠶᠢᠨ ᠬᠠᠮᠲᠤ ᠲᠣᠰ ᠤᠳᠠᠭᠠᠨ ᠤ ᠭᠠᠷ ᠤᠷᠠᠯᠠᠯ ᠤᠨ ᠠᠵᠢᠯᠯᠠᠭ᠎ᠠ ᠶᠢᠨ ᠶᠡᠭᠡ ᠲᠦᠯᠦᠪ ᠠᠭᠤᠯᠭ᠎ᠠ᠂ ᠪᠣᠳᠠᠲᠠᠶ ᠠᠯᠬᠤᠮ ᠳᠠᠷᠠᠭ᠎ᠠ ᠪᠠ ᠠᠩᠬᠠᠷᠬᠤ ᠵᠦᠢᠯᠡᠰ ᠢ ᠲᠠᠨᠢᠯᠴᠠᠭᠤᠯᠵᠤ᠂ ᠨᠠᠰᠤᠲᠠᠶᠢᠴᠤᠳ ᠤᠨ ᠥᠪᠡᠷ ᠤᠨ ᠳᠦᠷᠰᠦᠯᠡᠨ ᠪᠣᠳᠣᠬᠤ ᠴᠢᠳᠠᠪᠤᠷᠢ ᠪᠠ ᠭᠠᠷ ᠬᠥᠳᠡᠯᠬᠦ ᠴᠢᠳᠠᠪᠤᠷᠢ ᠪᠠᠨ ᠭᠦᠢᠴᠡᠳ ᠪᠠᠳᠠᠷᠠᠭᠤᠯᠬᠤ ᠶᠢ ᠵᠣᠷᠢᠭᠵᠢᠭᠤᠯᠪᠠ᠃ ᠲᠣᠰ ᠤᠳᠠᠭᠠᠨ ᠤ ᠬᠥᠳᠡᠯᠭᠡᠭᠡᠨ ᠤ ᠥᠩᠭᠡ ᠪᠤᠳᠤᠭ ᠣᠷᠣᠭᠤᠯᠬᠤ ᠭᠡᠰᠡᠭ ᠨᠢ ᠶᠡᠬᠡᠩᠬᠢ ᠳᠡᠭᠡᠨ ᠨᠠᠰᠤᠲᠠᠶᠢᠴᠣᠳ ᠠᠮᠠᠷᠬᠠᠨ ᠬᠦᠯᠢᠶᠠᠨ ᠠᠪᠴᠣ ᠴᠢᠳᠡᠳᠠᠭ ᠪᠦᠭᠡᠳ ᠠᠵᠢᠯᠲᠠᠨ ᠤ ᠬᠦᠯᠢᠴᠡᠩᠭᠦᠢ ᠬᠠᠪᠰᠤᠷᠤᠯᠭ᠎ᠠ ᠳᠣᠣᠷ᠎ᠠ᠂ ᠨᠠᠰᠤᠲᠠᠶᠢᠴᠤᠳ ᠴᠥᠮ ᠥᠪᠡᠷ ᠦᠪᠡᠷ ᠤᠨ ᠳᠡᠪᠢᠭᠦᠷ ᠢᠶᠠᠨ ᠥᠩᠭᠡ ᠢᠯᠭᠠᠷᠠᠭᠤᠯᠣᠭᠰᠠᠨ ᠪᠠᠶᠢᠨ᠎ᠠ᠃ ᠵᠠᠷᠢᠮ ᠨᠠᠰᠤᠲᠠᠨ ᠤ ᠪᠦᠲᠦᠭᠡᠯ ᠨᠢ ᠮᠠᠰᠢ ᠨᠠᠷᠢᠯᠢᠭ ᠪᠠᠶᠢᠵᠤ᠂ ᠲᠤᠬᠠᠶ ᠶᠢᠨ ᠲᠠᠯᠠᠪᠠᠢ ᠳᠤ ᠮᠠᠰᠢ ᠣᠯᠠᠨ ᠬᠥᠮᠦᠨ ᠤ ᠮᠠᠭᠲᠠᠭᠠᠯ ᠰᠠᠶᠢᠰᠢᠶᠠᠯ ᠢ ᠣᠯᠵᠠᠶ᠂ ᠭᠡᠲᠡᠯ᠎ᠡ ᠵᠠᠷᠢᠮ ᠨᠠᠰᠤᠲᠠᠨ ᠬᠡᠳᠦ᠋ᠢᠪᠡᠷ ᠲᠡᠶᠢᠮᠦ ᠪᠦᠷᠢᠨ ᠲᠡᠭᠦᠯᠳᠡᠷ ᠬᠢᠵᠦ ᠴᠢᠳᠠᠭᠰᠠᠨ ᠦᠭᠡᠢ ᠪᠣᠯᠪᠠᠴᠤ ᠬᠢᠬᠦ ᠶᠠᠪᠤᠴᠠ ᠳᠤ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠰᠠᠨᠠᠭᠤᠯᠭ᠎ᠠ ᠳᠤᠷᠠᠳᠴᠤ᠂ ᠴᠢᠷᠠᠢ ᠳᠤᠨᠢ ᠬᠡᠦᠬᠡᠳ ᠤᠨ ᠢᠨᠢᠶᠡᠮᠰᠦᠭᠯᠡᠯ ᠪᠢᠯᠬᠠᠵᠣ ᠪᠠᠶᠢᠯ᠎ᠠ᠃      ᠲᠣᠰ ᠤᠳᠠᠭᠠᠨ ᠤ ᠠᠵᠢᠯᠯᠠᠭ᠎ᠠ ᠨᠢ ᠨᠠᠰᠤᠲᠠᠶᠢᠴᠤᠳ ᠤᠨ ᠭᠠᠷ ᠬᠥᠳᠡᠯᠬᠦ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠨᠠᠰᠤᠲᠠᠶᠢᠴᠤᠳ ᠲᠤ ᠨᠡᠪᠲᠡᠷᠡᠯᠴᠡᠨ ᠰᠣᠯᠢᠯᠴᠠᠬᠤ ᠲᠠᠪᠴᠠᠩ ᠪᠠᠶᠢᠭᠤᠯᠤᠨ ᠥᠭᠴᠦ᠂ ᠨᠠᠰᠤᠲᠠᠶᠢᠴᠤᠳ ᠤᠨ ᠣᠶᠤᠨ ᠤ ᠠᠮᠢᠳᠤᠷᠠᠯ ᠢ ᠪᠠᠶᠠᠯᠢᠭᠵᠢᠭᠤᠯᠪᠠ᠃ ᠵᠠᠯᠭᠠᠭᠠᠳ ᠢᠷᠪᠢᠰ ᠵᠡᠭᠡᠯᠢ ᠶᠢᠨ ᠬᠢᠨ ᠨᠠᠰᠤᠲᠠᠶᠢᠴᠤᠳ ᠤᠨ ᠵᠣᠬᠢᠶᠠᠨ ᠪᠠᠶᠢᠭᠤᠯᠤᠯᠲᠠ ᠳᠤ ᠦᠷᠭᠦᠯᠵᠢᠯᠡᠨ ᠪᠠᠶᠠᠯᠢᠭ ᠰᠠᠶᠢᠬᠠᠨ ᠠᠵᠢᠯᠯᠠᠭ᠎ᠠ ᠲᠣᠬᠢᠷᠠᠭᠤᠯᠵᠤ᠂ ᠲᠡᠳᠡᠨ ᠤ ᠨᠡᠶᠢᠭᠡᠮ ᠤᠨ ᠠᠵᠢᠯᠯᠠᠭ᠎ᠠ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠥᠭᠰᠠᠨ ᠪᠠᠶᠢᠨ᠎ᠠ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号