ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠡᠷᠦᠩᠭᠡᠶᠢᠯᠡᠭᠰᠡᠨ ᠴᠤᠩᠬᠤᠪᠴᠢ ᠶᠢᠨ ᠦᠢᠯᠡᠴᠢᠯᠡᠭᠡ ᠶᠢᠨ ᠬᠢᠷᠢ ᠲᠦᠪᠰᠢᠨ ᠢᠶᠠᠨ ᠰᠢᠯᠢᠳᠡᠭᠵᠢᠬᠦᠯᠵᠦ ᠤᠯᠠᠨ ᠲᠦᠮᠡᠨ ᠳᠤ ᠰᠠᠶᠢᠳᠦᠷ ᠦᠢᠯᠡᠴᠢᠯᠡᠵᠦ ᠪᠤᠢ
ᠨᠡᠶᠢᠲᠡᠯᠡᠭᠰᠡᠨ ᠴᠠᠭ᠄
2024/7/16
     ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠡᠷᠦᠩᠭᠡᠶᠢᠯᠡᠭᠰᠡᠨ ᠴᠤᠩᠬᠤᠪᠴᠢ ᠶᠢ ᠪᠠᠶᠢᠭᠤᠯᠤᠬᠰᠠᠨ ᠤ ᠲᠠᠷᠠᠭ᠎ᠠ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠬᠦᠨᠵᠡᠬᠡᠢ ᠠᠬᠢᠭᠤᠯᠵᠦ᠂ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠰᠢᠯᠢᠳᠡᠭᠵᠢᠬᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠦᠷ᠎ᠡ ᠪᠦᠳᠦᠮᠵᠢ ᠶᠢ ᠲᠡᠭᠡᠭᠰᠢᠯᠡᠬᠦᠯᠵᠦ᠂ ᠷᠠᠰᠢᠶᠠᠨ ᠬᠤᠳᠠ ᠶᠢᠨ ᠵᠢᠭᠤᠯᠴᠢᠯᠠᠯ ᠤᠨ ᠦᠢᠯᠡᠰ ᠤᠨ ᠬᠦᠭᠵᠢᠯᠳᠡ ᠳᠤ ᠰᠠᠶᠢᠳᠦᠷ ᠦᠢᠯᠡᠴᠢᠯᠡᠵᠦ᠂ ᠤᠯᠠᠨ ᠲᠦᠮᠡᠨ ᠳᠤ ᠰᠢᠯᠢᠳᠡᠭ ᠦᠨᠳᠦᠷ ᠪᠦᠳᠦᠮᠵᠢᠳᠡᠢ ᠲᠦᠬᠦᠮ ᠦᠢᠯᠡᠴᠢᠯᠡᠭᠡ ᠬᠠᠨᠭ᠍ᠭᠠᠵᠦ ᠪᠤᠢ᠃      ᠴᠤᠩᠬᠤᠪᠴᠢ ᠶᠢᠨ ᠦᠢᠯᠡᠴᠢᠯᠡᠭᠡ ᠶᠢ ᠲᠡᠭᠡᠭᠰᠢᠯᠡᠬᠦᠯᠬᠦ ᠪᠠᠷ ᠠᠵᠢᠯ ᠤᠨ ᠡᠬᠦᠰᠦᠯᠳᠡ ᠪᠤᠯᠭᠠᠵᠦ᠂ ᠴᠤᠩᠬᠤᠪᠴᠢ ᠶᠢᠨ ᠠᠵᠢᠯᠳᠠᠨ ᠤ ᠦᠢᠯᠡᠴᠢᠯᠡᠭᠡ ᠶᠢᠨ ᠪᠤᠯᠪᠠᠰᠦᠨ ᠦᠬᠡ ᠶᠠᠷᠢᠶ᠎ᠠ᠂ ᠶᠤᠰᠤ ᠲᠦᠷᠢᠮ ᠤᠨ ᠲᠦᠷᠢᠮᠵᠢᠯ ᠵᠡᠷᠭᠡ ᠶᠢ ᠤᠯᠠᠮ ᠨᠢᠬᠡ ᠠᠯᠬᠤᠮ ᠲᠦᠷᠢᠮᠵᠢᠬᠦᠯᠵᠦ᠂ ᠠᠩᠬᠠᠨ ᠤ ᠠᠰᠠᠭᠤᠯᠳᠠ ᠶᠢᠨ ᠬᠠᠷᠢᠭᠤᠴᠠᠯᠭ᠎ᠠ ᠶᠢᠨ ᠲᠦᠷᠢᠮ᠂ ︽ᠨᠢᠬᠡᠯᠠ ᠤᠳᠠᠭ᠎ᠠ︾ ᠶᠢᠨ ᠠᠮᠠᠯᠠᠯᠳᠠ ᠶᠢᠨ ᠲᠦᠷᠢᠮ ᠢ ᠦᠷᠬᠦᠯᠵᠢᠯᠡᠨ ᠲᠤᠭᠤᠰᠢᠯᠠᠭᠤᠯᠵᠦ᠂ ᠤᠷᠢᠳᠴᠢᠯᠠᠨ ᠪᠤᠯᠵᠤᠬᠤ ᠦᠢᠯᠡᠴᠢᠯᠡᠭᠡ᠂ ᠴᠠᠭ ᠢ ᠤᠷᠳᠤᠳᠬᠠᠨ ᠦᠢᠯᠡᠴᠢᠯᠡᠬᠦ ᠵᠡᠷᠭᠡ ᠠᠷᠠᠳ ᠲᠤ ᠲᠦᠬᠦᠮ ᠦᠵᠡᠬᠦᠯᠬᠦ ᠦᠢᠯᠡᠴᠢᠯᠡᠭᠡ ᠶᠢᠨ ᠠᠷᠭ᠎ᠠ ᠠᠪᠴᠠᠯ ᠢ ᠬᠡᠷᠡᠭᠵᠢᠬᠦᠯᠵᠦ᠂ ᠶᠠᠪᠤᠳᠠᠯ ᠰᠶᠢᠳᠪᠦᠷᠢᠯᠡᠬᠦ ᠪᠠᠷ ᠢᠷᠡᠭᠰᠡᠨ ᠤᠯᠠᠨ ᠲᠦᠮᠡᠨ ᠳᠤ ᠲᠦᠬᠦᠮ᠂ ᠦᠨᠳᠦᠷ ᠪᠦᠳᠦᠮᠵᠢᠳᠡᠢ᠂ ᠬᠠᠯᠠᠭᠤᠮᠰᠤᠭ ᠴᠤᠩᠬᠤᠪᠴᠢ ᠶᠢᠨ ᠦᠢᠯᠡᠴᠢᠯᠡᠭᠡ ᠬᠠᠨᠭ᠍ᠭᠠᠵᠦ ᠪᠤᠢ      ᠲᠤᠬᠠᠶᠢᠯᠠᠬᠰᠠᠨ ᠠᠵᠢᠯ ᠤᠨ ᠴᠤᠩᠬᠤᠪᠴᠢ ᠶᠢᠨ ᠦᠢᠯᠡᠴᠢᠯᠡᠭᠡ ᠶᠢᠨ ᠴᠢᠳᠠᠪᠬᠢ ᠶᠢ ᠲᠠᠰᠦᠷᠠᠯᠳᠠ ᠦᠬᠡᠢ ᠲᠡᠭᠡᠭᠰᠢᠯᠡᠬᠦᠯᠵᠦ᠂ ᠤᠯᠠᠨ ᠲᠦᠮᠡᠨ ᠳᠤ ᠦᠢᠯᠡᠴᠢᠯᠡᠬᠦ ᠪᠦᠷᠬᠦᠴᠡ ᠶᠢ ᠦᠷᠭᠡᠳᠬᠡᠵᠦ᠂ ᠵᠦᠷᠢᠶ᠎ᠡ ᠦᠬᠡᠢ ᠪᠠᠷ ᠬᠦᠯᠢᠶᠡᠨ ᠠᠪᠴᠦ ᠰᠶᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠰᠶᠢᠳᠪᠦᠷᠢᠯᠡᠬᠦ᠂ ᠤᠯᠠᠨ ᠲᠦᠮᠡᠨ ᠨᠢᠬᠡ ᠯᠡ ᠴᠤᠩᠬᠤᠪᠴᠢ ᠪᠠᠷ ᠨᠢᠬᠡ ᠯᠡ ᠤᠳᠠᠭ᠎ᠠ ᠳᠤ ᠰᠶᠢᠳᠪᠦᠷᠢᠯᠡᠵᠥ ᠲᠠᠶᠢᠯᠭᠦ ᠪᠤᠯᠵᠥ᠂ ︽ᠬᠠᠮᠤᠭ ᠡᠴᠦᠰ ᠤᠨ ᠨᠢᠬᠡ ᠺᠢᠯᠤᠮᠧᠲᠷ︾ ᠤᠨ ᠠᠰᠠᠭᠤᠳᠠᠯ ᠢ ᠦᠨᠡᠨ ᠬᠦ ᠰᠶᠢᠳᠪᠦᠷᠢᠯᠡᠵᠦ᠂ ᠪᠦᠬᠦ ᠤᠯᠤᠰ᠂ ᠪᠦᠬᠦ ᠤᠷᠤᠨ ᠳᠤ ᠰᠢᠭᠤᠳ ᠰᠶᠢᠳᠪᠦᠷᠢᠯᠡᠬᠦ ᠶᠢ ᠦᠨᠡᠨ ᠬᠦ ᠪᠡᠶᠡᠯᠡᠬᠦᠯᠵᠦ ᠪᠠᠶᠢᠨ᠎ᠠ᠃      ︵ᠡᠤ ᠰᠡᠷᠬᠦᠯᠡᠩ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号