ᠸᠧᠨᠴᠢᠤᠸᠠᠨ ᠵᠡᠭᠡᠯᠢ ᠶᠢᠨ ᠱᠧᠨᠴᠢᠣᠸᠠᠨ ᠨᠡᠶᠢᠭᠡᠮ ᠲᠣᠭᠤᠷᠢᠭ ︽ᠱᠠᠯᠢᠭ ᠵᠠᠪᠬᠠᠶ ᠶᠢ ᠠᠷᠢᠯᠭᠠᠨ ᠬᠠᠤᠯᠢ ᠪᠤᠰᠤ ᠪᠦᠳᠣᠭᠡᠭᠳᠡᠬᠦᠨ ᠳᠤ ᠴᠣᠬᠢᠯᠲᠠ ᠥᠭᠴᠣ ᠵᠠᠯᠠᠭᠤᠴᠣᠳ ᠪᠠᠭᠠᠴᠣᠳ ᠢ ᠬᠠᠮᠠᠭᠠᠯᠠᠬᠤ ᠠᠵᠢᠯᠯᠠᠭ᠎ᠠ︾ ᠥᠷᠨᠢᠭᠦᠯᠪᠡ
ᠨᠡᠶᠢᠲᠡᠯᠡᠭᠰᠡᠨ ᠴᠠᠭ᠄
2024/7/18
       ᠢᠨᠲ᠋ᠧᠷ ᠰᠦᠯᠵᠢᠶ᠎ᠡ ᠪᠠ ᠮᠡᠳᠡᠭᠡ ᠵᠠᠩᠭᠢ ᠶᠢᠨ ᠲᠧᠭᠨᠢᠭ ᠮᠡᠷᠭᠡᠵᠢᠯ ᠤᠨ ᠬᠥᠭᠵᠢᠬᠦ ᠶᠢ ᠳᠠᠭᠠᠯᠳᠤᠨ᠂ ᠡᠷᠡᠭᠦᠯ ᠪᠤᠰᠤ ᠮᠡᠳᠡᠭᠡ ᠵᠠᠩᠭᠢ ᠪᠠ ᠬᠠᠤᠯᠢ ᠪᠤᠰᠤ ᠪᠦᠳᠣᠭᠡᠭᠳᠡᠬᠦᠨ ᠨᠢ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠬᠦᠨᠳᠦ ᠨᠣᠴᠢᠲᠠᠢ ᠰᠦᠷᠳᠡᠭᠦᠯᠦᠯ ᠪᠣᠯᠪᠠ᠃ ᠡᠨᠡ ᠬᠦ ᠦᠵᠡᠭᠳᠡᠯ ᠢ ᠪᠦᠲᠦᠮᠵᠢᠲᠡᠶ ᠬᠤᠷᠢᠭᠯᠠᠵᠤ᠂ ᠵᠠᠯᠠᠭᠤᠴᠤᠳ ᠪᠠᠭᠠᠴᠤᠳ ᠤᠨ ᠬᠤᠤᠷ ᠬᠥᠨᠥᠭᠡᠯ ᠲᠠᠢ ᠮᠡᠳᠡᠭᠡ ᠵᠠᠩᠭᠢ ᠶᠢᠨ ᠬᠠᠯᠳᠠᠯᠭ᠎ᠠ ᠳᠤ ᠤᠴᠠᠷᠠᠭᠤᠯᠬᠤ ᠦᠭᠡᠢ ᠶᠢ ᠬᠠᠮᠠᠭᠠᠯᠠᠬᠤ ᠶᠢᠨ ᠲᠥᠯᠥᠭᠡ᠂ ᠷᠡᠰᠢᠶᠠᠨ ᠬᠤᠳᠡ ᠶᠢᠨ ᠸᠧᠨᠴᠢᠣᠸᠠᠨ ᠵᠡᠭᠡᠯᠢ ᠶᠢᠨ ᠱᠧᠨᠴᠢᠣᠸᠠᠨ ᠨᠡᠶᠢᠭᠡᠮ ᠲᠣᠭᠤᠷᠢᠭ ︽ᠱᠠᠯᠢᠭ ᠵᠠᠪᠬᠠᠶ ᠶᠢ ᠠᠷᠢᠯᠭᠠᠨ ᠬᠠᠤᠯᠢ ᠪᠤᠰᠤ ᠪᠦᠳᠣᠭᠡᠭᠳᠡᠬᠦᠨ ᠳᠤ ᠴᠣᠬᠢᠯᠳ᠋ᠨ ᠥᠭᠴᠦ ᠵᠠᠯᠠᠭᠤᠴᠣᠳ ᠪᠠᠭᠠᠴᠣᠳ ᠢ ᠬᠠᠮᠠᠭᠠᠯᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠲᠣᠰ ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠰᠠᠭᠤᠭᠠᠯᠢ ᠠᠷᠠᠳ ᠤᠨ ᠬᠡᠷ ᠢᠶᠠᠷ ᠭᠦᠨᠵᠡᠭᠡᠶᠢᠷᠡᠨ ᠨᠣᠭᠤᠭᠠᠨ ᠨᠣᠮ ᠤᠨ ᠱᠣᠰᠢᠭ᠎ᠠ ᠶᠢ ᠲᠠᠷᠬᠠᠭᠠᠬᠤ ᠪᠠ ᠤᠬᠠᠭᠤᠯᠬᠤ ᠠᠵᠢᠯ ᠬᠢᠵᠦ᠂ ︽ᠱᠠᠯᠢᠭ ᠵᠠᠪᠬᠠᠶ ᠶᠢ ᠠᠷᠢᠯᠭᠠᠨ ᠬᠠᠤᠯᠢ ᠪᠤᠰᠤ ᠪᠦᠳᠣᠭᠡᠭᠳᠡᠬᠦᠨ ᠳᠤ ᠴᠣᠬᠢᠯᠲᠠ ᠥᠭᠬᠦ︾ ᠪᠠ ︽ᠵᠠᠯᠠᠭᠤᠴᠣᠳ ᠪᠠᠭᠠᠴᠣᠳ ᠢ ᠬᠠᠮᠠᠭᠠᠯᠠᠬᠤ  ᠬᠠᠮᠠᠭᠠᠯᠠᠬᠤ ᠠᠵᠢᠯᠯᠠᠭ᠎ᠠ︾ ᠶᠢᠨ ᠠᠴᠢ ᠬᠤᠯᠪᠣᠭᠳᠠᠯ ᠪᠠ ᠴᠢᠬᠤᠯᠠ ᠴᠢᠨᠠᠷ ᠢ ᠨᠠᠷᠢᠨ ᠲᠠᠨᠢᠯᠴᠠᠭᠤᠯᠵᠤ᠂ ᠬᠡᠷ ᠤᠨ ᠠᠬᠠᠮᠠᠳ ᠢ ᠬᠡᠦᠬᠡᠳ ᠲᠠᠢ ᠬᠠᠮᠲᠤ ᠪᠠᠷ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠵᠤ᠂ ᠡᠷᠡᠭᠦᠯ ᠴᠢᠭᠢᠷᠠᠭ᠂ ᠡᠶ᠎ᠡ ᠵᠣᠬᠢᠴᠠᠯ ᠲᠠᠢ ᠬᠡᠷ ᠪᠦᠯᠢ ᠶᠢᠨ ᠤᠩᠰᠢᠯᠭ᠎ᠠ ᠶᠢᠨ ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠪᠠ ᠃ ᠵᠠᠯᠠᠭᠤᠴᠤᠳ ᠪᠠᠭᠠᠴᠤᠳ ᠢ ᠲᠠᠶᠢᠴᠢᠯᠡᠨ ᠵᠢᠯᠣᠭᠤᠳᠴᠤ ᠪᠠᠶᠢᠭᠠᠳ ᠵᠥᠪ ᠤᠩᠰᠢᠯᠭ᠎ᠠ ᠶᠢᠨ ᠦᠵᠡᠯᠲᠡ ᠶᠢ ᠪᠤᠢ ᠪᠣᠯᠭᠠᠵᠤ᠂ ᠬᠠᠤᠯᠢ ᠪᠤᠰᠤ ᠪᠦᠳᠣᠭᠡᠭᠳᠡᠬᠦᠨ ᠪᠠ ᠰᠦᠯᠵᠢᠶᠡᠨ ᠤ ᠬᠤᠣᠷ ᠬᠥᠨᠥᠭᠡᠯ ᠲᠠᠢ ᠮᠡᠳᠡᠭᠡ ᠵᠠᠩᠭᠢ ᠠᠴᠠ ᠬᠤᠯᠠ ᠵᠠᠶᠢᠳᠠᠭᠤᠯᠵᠦ᠂ ᠲᠡᠳᠡᠨ  ᠢ ᠡᠷᠡᠬᠦᠯ ᠰᠠᠷᠡᠭᠤᠯ ᠥᠰᠬᠡᠨ ᠪᠤᠶᠢᠵᠢᠭᠤᠯᠤᠨ᠎ᠠ᠃      ᠵᠠᠯᠭᠠᠭᠠᠳ ᠱᠧᠨᠴᠢᠣᠸᠠᠨ ᠨᠡᠶᠢᠭᠡᠮ ᠲᠣᠭᠤᠷᠢᠭ ᠤᠨ ᠬᠢᠨ ︽ᠱᠠᠯᠢᠭ ᠵᠠᠪᠬᠠᠶ ᠶᠢ ᠠᠷᠢᠯᠭᠠᠨ ᠬᠠᠤᠯᠢ ᠪᠤᠰᠤ ᠪᠦᠳᠣᠭᠡᠭᠳᠡᠬᠦᠨ ᠳᠤ ᠴᠣᠬᠢᠯᠲᠠ ᠥᠭᠬᠦ︾ ᠪᠠ ︽ᠵᠠᠯᠠᠭᠤᠴᠣᠳ ᠪᠠᠭᠠᠴᠣᠳ ᠢ ᠬᠠᠮᠠᠭᠠᠯᠠᠬᠤ ᠠᠵᠢᠯᠯᠠᠭ᠎ᠠ︾ ᠶᠢ ᠤᠬᠠᠭᠤᠯᠬᠤ ᠡᠷᠴᠢᠮ ᠪᠠ ᠭᠦᠨᠴᠡ ᠪᠠᠨ ᠦᠷᠭᠦᠯᠵᠢᠯᠡᠨ ᠴᠢᠩᠭᠠᠷᠠᠭᠤᠯᠵᠤ᠂ ᠨᠠᠩ ᠰᠠᠶᠢᠨ ᠰᠠᠶᠢᠬᠠᠨ ᠨᠡᠶᠢᠭᠡᠮ ᠲᠣᠭᠤᠷᠢᠭ ᠤᠨ ᠰᠣᠶᠣᠯ ᠤᠨ ᠣᠷᠴᠢᠨ ᠲᠣᠭᠤᠷᠢᠨ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
 
ᠢᠷᠡᠯᠲᠡ᠄ ᠸᠧᠨᠴᠢᠣᠸᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号