ᠲᠢᠶᠠᠨ ᡂᠢ ᠨᠡᠶᠢᠭᠡᠮ ᠲᠣᠭᠤᠷᠢᠭ ︽ᠱᠠᠯᠢᠭ ᠵᠠᠪᠬᠠᠶ ᠶᠢ ᠠᠷᠢᠯᠭᠠᠨ ᠬᠠᠤᠯᠢ ᠪᠤᠰᠤ ᠪᠦᠳᠣᠭᠡᠭᠳᠡᠬᠦᠨ ᠳᠤ ᠴᠣᠬᠢᠯᠲᠠ ᠥᠭᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/18
     ᠨᠡᠶᠢᠭᠡᠮ ᠲᠣᠭᠤᠷᠢᠭ ᠤᠨ ᠰᠣᠶᠣᠯ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠴᠡᠪᠡᠷᠰᠢᠭᠦᠯᠵᠦ᠂ ᠡᠷᠡᠭᠦᠯ ᠥᠭᠡᠳᠡᠷᠬᠡᠭ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠵᠤ᠂ ︽ᠱᠠᠯᠢᠭ ᠵᠠᠪᠬᠠᠶ ᠶᠢ ᠠᠷᠢᠯᠭᠠᠨ ᠬᠠᠤᠯᠢ ᠪᠤᠰᠤ ᠪᠦᠳᠣᠭᠡᠭᠳᠡᠬᠦᠨ ᠳᠤ ᠴᠣᠬᠢᠯᠲᠠ ᠥᠭᠬᠦ︾ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ 7 ᠰᠠᠷ᠎ᠠ ᠶᠢᠨ 11 ᠤ ᠡᠳᠦᠷ᠂ ᠷᠡᠰᠢᠶᠠᠨ ᠬᠤᠳᠡ ᠶᠢᠨ ᠲᠢᠶᠠᠨ ᡂᠢ ᠨᠡᠶᠢᠭᠡᠮ ᠲᠣᠭᠤᠷᠢᠭ ᠲᠤᠰᠬᠠᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠲᠣᠰ ᠣᠳᠡᠭᠠᠨ ᠤ ᠠᠵᠢᠯᠯᠠᠭ᠎ᠠ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠡᠷᠦᠬᠡ ᠪᠠᠷ ᠣᠷᠣᠵᠤ ᠠᠰᠠᠭᠤᠳᠡᠯ ᠳᠤ ᠬᠠᠷᠢᠭᠤᠯᠲᠠ ᠥᠭᠬᠦ ᠵᠡᠷᠭᠡ ᠰᠠᠭᠤᠭᠠᠯᠢ ᠠᠷᠠᠳ ᠤᠨ ᠬᠦᠯᠢᠶᠡᠨ ᠠᠪᠬᠤ ᠤᠬᠠᠭᠤᠯᠭ᠎ᠠ ᠶᠢᠨ ᠠᠷᠭ᠎ᠠ ᠪᠠᠷ ᠰᠠᠭᠤᠭᠠᠯᠢ ᠠᠷᠠᠳ ᠢ ︽ᠱᠠᠯᠢᠭ ᠵᠠᠪᠬᠠᠶ ᠶᠢ ᠠᠷᠢᠯᠭᠠᠨ ᠬᠠᠤᠯᠢ ᠪᠤᠰᠤ ᠪᠦᠳᠣᠭᠡᠭᠳᠡᠬᠦᠨ ᠳᠤ ᠴᠣᠬᠢᠯᠲᠠ ᠥᠭᠬᠦ︾ ᠠᠵᠢᠯ ᠳᠤ ᠢᠳᠡᠪᠬᠢᠲᠡᠶ ᠣᠷᠣᠯᠴᠠᠬᠤ ᠶᠢ ᠰᠠᠨᠠᠭᠤᠯᠪᠡ᠃      ᠨᠡᠶᠢᠭᠡᠮ ᠲᠣᠭᠤᠷᠢᠭ ᠤᠨ ᠠᠵᠢᠯᠲᠠᠳ ᠬᠠᠷᠢᠶ᠎ᠠ ᠣᠷᠣᠨ ᠤ ᠬᠤᠭᠤᠯᠠᠨ ᠬᠡᠷ᠂ ᠪᠠᠭᠤᠳᠠᠯ ᠵᠡᠷᠭᠡ ᠭᠤᠤᠯᠳᠠᠯᠭ᠎ᠠ ᠲᠠᠢ ᠲᠠᠯᠠᠪᠤᠷ ᠢᠶᠠᠷ ᠬᠦᠷᠴᠦ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠰᠠᠭᠤᠭᠠᠯᠢ ᠠᠷᠠᠳ ᠲᠤ ᠶᠠᠭᠤ ᠶᠢ ︽ᠱᠠᠯᠢᠭ ᠵᠠᠪᠬᠠᠶ ᠶᠢ ᠠᠷᠢᠯᠭᠠᠨ ᠬᠠᠤᠯᠢ ᠪᠤᠰᠤ ᠪᠦᠳᠣᠭᠡᠭᠳᠡᠬᠦᠨ ᠳᠤ ᠴᠣᠬᠢᠯᠲᠠ ᠥᠭᠬᠦ︾᠂ ︽ᠱᠠᠯᠢᠭ ᠵᠠᠪᠬᠠᠶ ᠶᠢ ᠠᠷᠢᠯᠭᠠᠨ ᠬᠠᠤᠯᠢ ᠪᠤᠰᠤ ᠪᠦᠳᠣᠭᠡᠭᠳᠡᠬᠦᠨ ᠳᠤ ᠴᠣᠬᠢᠯᠲᠠ ᠥᠭᠬᠦ︾ ᠠᠵᠢᠯ ᠤᠨ ᠭᠤᠤᠯᠳᠠᠯᠭ᠎ᠠ ᠵᠢᠴᠢ ︽ ᠵᠠᠯᠠᠭᠤᠴᠣᠳ ᠪᠠᠭᠠᠴᠣᠳ ᠢ ᠬᠠᠮᠠᠭᠠᠯᠠᠬᠤ ᠠᠵᠢᠯᠯᠠᠭ᠎ᠠ︾ ᠶᠢᠨ ᠬᠠᠮᠢᠶ᠎ᠠ ᠪᠥᠬᠦᠶ ᠠᠵᠢᠯ ᠢ ᠲᠠᠨᠢᠯᠴᠠᠭᠤᠯᠵᠤ᠂ ᠰᠠᠭᠤᠭᠠᠯᠢ ᠠᠷᠠᠳ ᠢ ᠲᠠᠶᠢᠴᠢᠯᠡᠨ ᠵᠢᠯᠣᠭᠤᠳᠴᠤ ᠪᠠᠶᠢᠭᠠᠳ ᠡᠯ᠎ᠡ ᠲᠥᠷᠥᠯ ᠤᠨ ᠬᠠᠤᠯᠢ ᠪᠤᠰᠤ ᠪᠦᠳᠣᠭᠡᠭᠳᠡᠬᠦᠨ ᠪᠠ ᠬᠤᠤᠷ ᠬᠥᠨᠥᠭᠡᠯ ᠲᠠᠢ ᠮᠡᠳᠡᠭᠡ ᠵᠠᠩᠭᠢ ᠶᠢ ᠤᠬᠠᠮᠰᠠᠷ ᠠᠴᠠ ᠪᠠᠨ ᠡᠰᠡᠷᠭᠦᠴᠡᠬᠦ ᠤᠬᠠᠮᠰᠠᠷ ᠢ ᠪᠣᠶ ᠪᠣᠯᠭᠠᠵᠤ᠂ ᠱᠠᠯᠢᠭ ᠵᠠᠪᠬᠠᠶ ᠲᠠᠭᠤ ᠳᠦᠷᠰᠦ ᠰᠢᠩᠭᠡᠭᠡᠯᠲᠡ ᠶᠢᠨ ᠦᠢᠯᠡᠳᠬᠦᠨ᠂ ᠮᠠᠳᠡᠯᠭᠡ ᠶᠢᠨ ᠡᠷᠭᠡ ᠶᠢᠨ ᠦᠮᠴᠢᠯᠠᠯ ᠤᠨ ᠡᠷᠬᠡ ᠳᠤ ᠬᠠᠯᠳᠠᠵᠤ ᠬᠤᠯᠠᠭᠠᠶᠢᠯᠠᠨ ᠬᠡᠪᠯᠡᠭᠰᠡᠨ ᠪᠦᠳᠣᠭᠡᠭᠳᠡᠬᠦᠨ ᠵᠡᠷᠭᠡ ᠶᠢ ᠤᠬᠠᠮᠰᠠᠷ ᠠᠴᠠ ᠪᠠᠨ ᠬᠤᠷᠢᠭᠯᠠᠬᠤ ᠬᠡᠷᠡᠭᠲᠡᠶ᠃ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠲᠣᠰ ᠣᠳᠡᠭᠠᠨ ᠤ ᠠᠵᠢᠯᠯᠠᠭ᠎ᠠ ᠳᠤ ᠳᠡᠮᠵᠢᠯᠭᠡ ᠦᠵᠡᠭᠦᠯᠬᠦ ᠶᠢᠨ ᠬᠠᠮᠲᠤ ᠨᠡᠶᠢᠭᠡᠮ ᠲᠣᠭᠤᠷᠢᠭ ᠤᠨ ︽ᠱᠠᠯᠢᠭ ᠵᠠᠪᠬᠠᠶ ᠶᠢ ᠠᠷᠢᠯᠭᠠᠨ ᠬᠠᠤᠯᠢ ᠪᠤᠰᠤ ᠪᠦᠳᠣᠭᠡᠭᠳᠡᠬᠦᠨ ᠳᠤ ᠴᠣᠬᠢᠯᠲᠠ ᠥᠭᠬᠦ︾ ᠠᠵᠢᠯ ᠤᠨ ᠥᠷᠨᠢᠯᠲᠡ ᠲᠠᠢ ᠢᠳᠡᠪᠬᠢᠲᠡᠢ ᠬᠠᠮᠵᠢᠯᠴᠠᠨ᠎ᠠ ᠭᠡᠵᠡᠢ᠃      ︽ᠱᠠᠯᠢᠭ ᠵᠠᠪᠬᠠᠶ ᠶᠢ ᠠᠷᠢᠯᠭᠠᠨ ᠬᠠᠤᠯᠢ ᠪᠤᠰᠤ ᠪᠦᠳᠣᠭᠡᠭᠳᠡᠬᠦᠨ ᠳᠤ ᠴᠣᠬᠢᠯᠲᠠ ᠥᠭᠬᠦ︾ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠨᠡᠶᠢᠭᠡᠮ ᠤᠨ ᠠᠮᠢᠳᠤᠷᠠᠯ ᠤᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠴᠡᠪᠡᠷᠰᠢᠭᠦᠯᠵᠦ᠂ ︽ᠱᠠᠯᠢᠭ ᠵᠠᠪᠬᠠᠶ ᠶᠢ ᠠᠷᠢᠯᠭᠠᠨ ᠬᠠᠤᠯᠢ ᠪᠤᠰᠤ ᠪᠦᠳᠣᠭᠡᠭᠳᠡᠬᠦᠨ ᠳᠤ ᠴᠣᠬᠢᠯᠲᠠ ᠥᠭᠬᠦ︾ ᠠᠵᠢᠯ ᠤᠨ ᠦᠨᠳᠦᠰᠦᠨ ᠱᠠᠲᠤᠨ ᠳᠤ ᠣᠶᠢᠯᠠᠭᠠᠬᠤ ᠨᠣᠷᠮ᠎ᠠ᠂ ᠣᠷᠣᠯᠴᠠᠬᠤ ᠬᠡᠮᠵᠢᠶ᠎ᠡ᠂ ᠬᠠᠨᠤᠮᠵᠢ ᠶᠢᠨ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠲᠤ ︽ᠱᠠᠯᠢᠭ ᠵᠠᠪᠬᠠᠶ ᠶᠢ ᠠᠷᠢᠯᠭᠠᠨ ᠬᠠᠤᠯᠢ ᠪᠤᠰᠤ ᠪᠦᠳᠣᠭᠡᠭᠳᠡᠬᠦᠨ ᠳᠤ ᠴᠣᠬᠢᠯᠲᠠ ᠥᠭᠬᠦ︾ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠂ ᠪᠥᠬᠦ ᠠᠷᠠᠳ ᠣᠷᠣᠯᠴᠠᠭᠰᠠᠨ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠪᠠ᠃
 
ᠢᠷᠡᠯᠲᠡ᠄ ᠲᠢᠶᠠᠨ ᡂᠢ ᠪᠠᠯᠭᠠᠰᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号