ᠷᠠᠰᠢᠶᠠᠨ ᠬᠤᠳᠠ ᠪᠦᠬᠦ ᠠᠶᠢᠮᠠᠭ ᠤᠨ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠭᠤᠤᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠳᠠ ᠶᠢᠨ ᠲᠤᠬᠠᠢ ᠶᠢᠨ ᠲᠠᠯᠠᠪᠠᠢ ᠳᠤ ᠪᠠᠶᠢᠴᠠᠭᠠᠨ ᠰᠤᠳᠤᠯᠤᠯᠳᠠ ᠬᠢᠬᠦ ᠵᠢᠴᠢ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠤᠨ ᠵᠤᠷᠢᠭ ᠰᠠᠨᠠᠭ᠎ᠠ ᠶᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/7/18
     7 ᠰᠠᠷ᠎ᠠ ᠶᠢᠨ 16 ᠤ ᠡᠳᠦᠷ᠂ ᠷᠠᠰᠢᠶᠠᠨ ᠬᠤᠳᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠠᠶᠢᠮᠠᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠬᠦ ᠵᠢᠴᠢ ᠠᠵᠤ ᠠᠬᠤᠢ ᠶᠢᠨ ᠪᠠᠶᠢᠳᠠᠯ ᠢ ᠵᠠᠳᠠᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠳᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠸᠠᠩ ᠯᠢ ᠰᠢᠶᠠ ᠲᠡᠷᠢᠭᠦᠯᠡᠭᠴᠢ ᠶᠢᠨ ᠬᠢᠩᠭᠠᠨ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠪᠥᠬᠦ ᠠᠶᠢᠮᠠᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠶᠢᠨ ᠪᠠᠶᠢᠴᠠᠭᠠᠨ ᠰᠤᠳᠤᠯᠤᠯᠲᠠ ᠬᠢᠬᠦ ᠵᠢᠴᠢ ᠠᠵᠤ ᠠᠬᠤᠶ ᠶᠢᠨ ᠪᠠᠶᠢᠳᠠᠯ ᠢ ᠵᠠᠳᠠᠯᠬᠤ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ ᠣᠶᠢᠯᠠᠭᠠᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠯᠢᠪᠠ ᠠᠰᠢᠭᠲᠠᠶ ᠴᠠᠭ ᠲᠣᠬᠢᠶᠠᠯ ᠢ ᠠᠮᠵᠢᠨ᠂ ᠠᠯᠢᠪᠠ ᠠᠰᠢᠭᠲᠠᠶ ᠨᠥᠬᠦᠴᠡᠯ ᠢ ᠠᠰᠢᠭᠯᠠᠨ᠂ ︽ᠬᠢᠩᠭᠠᠨ ᠳᠠᠭᠠᠨ ᠠᠵᠣ᠂ ᠬᠢᠩᠭᠠᠨ ᠢᠶᠠᠨ ᠬᠠᠶᠢᠷᠠᠯᠠᠵᠤ᠂ ᠬᠢᠩᠭᠠᠨ ᠤ ᠪᠠᠨ ᠲᠥᠯᠥᠭᠡ ᠴᠢᠷᠮᠠᠶᠢᠬᠤ︾ ᠰᠡᠳᠬᠢᠯᠭᠡ᠂ ︽ᠴᠢᠳᠠᠯ ᠤᠨ ᠬᠢᠷᠢ ᠪᠠᠷ ᠢᠶᠠᠨ ᠴᠢᠷᠮᠠᠶᠢᠵᠣ︾ ᠪᠦᠬᠦ ᠬᠦᠴᠦᠨ ᠢᠶᠠᠷ ᠪᠥᠬᠦ ᠵᠢᠯ ᠤᠨ ᠬᠠᠷᠠᠯᠲᠠ ᠡᠭᠦᠷᠭᠡ ᠪᠠᠨ ᠡᠷᠡᠰ ᠪᠡᠶᠡᠯᠡᠭᠦᠯᠬᠦ ᠬᠡᠷᠡᠭᠲᠡᠶ  ᠭᠡᠵᠡᠢ᠃      ᠬᠤᠷᠠᠯ ᠠᠴᠠ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠣᠨ ᠠᠪᠴᠢᠷᠡᠬᠤ ᠪᠠ ᠵᠢᠭᠤᠯᠴᠢᠯᠠᠯ ᠤᠨ ᠬᠥᠭᠵᠢᠯᠲᠡ ᠶᠢᠨ ︽ᠵᠠᠭᠤᠨ ᠡᠳᠦᠷ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠢᠯ ᠤᠨ ᠲᠥᠰᠦᠯ ᠲᠣᠭᠲᠠᠭᠠᠵᠤ᠂ ᠠᠵᠢᠯ ᠤᠨ ᠬᠠᠷᠠᠯᠲᠠ ᠪᠠᠨ ᠲᠣᠳᠣᠷᠬᠠᠶᠢᠯᠠᠨ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ︽ᠨᠢᠭᠡ ᠭᠠᠷᠠᠭ ᠲᠤ ᠨᠢᠭᠡ ᠤᠳᠠᠭ᠎ᠠ ᠲᠤᠬᠢᠷᠠᠭᠤᠯᠵᠤ᠂ ᠬᠠᠭᠠᠰ ᠰᠠᠷ᠎ᠠ ᠳᠤ ᠨᠢᠭᠡ ᠣᠳᠠᠭ᠎ᠠ ᠮᠡᠳᠡᠭᠡᠯᠡᠬᠦ︾ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠬᠡᠷᠡᠭᠲᠡᠢ᠃ ᠣᠷᠣᠭᠤᠯᠤᠨ ᠠᠪᠴᠢᠷᠠᠬᠤ ᠲᠦᠷᠦᠯ ᠵᠦᠢᠯ ᠢ ᠨᠠᠶᠢᠳᠠᠪᠤᠷᠢᠵᠢᠭᠤᠯᠬᠤ᠂ ᠪᠠᠶᠢᠭᠤᠯᠵᠤ ᠪᠠᠶᠢᠭ᠎ᠠ ᠲᠦᠷᠦᠯ ᠵᠦᠢᠯ ᠢ ᠲᠦᠷᠭᠡᠳᠬᠡᠬᠦ᠂ ᠴᠢᠨᠠᠷ ᠰᠠᠶᠢᠲᠠᠢ ᠲᠦᠷᠦᠯ ᠵᠦᠢᠯ ᠢ ᠨᠥᠭᠡᠴᠡᠯᠡᠬᠦ ᠶᠢ ᠰᠠᠶᠢᠲᠤᠷ ᠠᠳᠬᠤᠵᠤ᠂ ᠳᠠᠯᠳᠠ ᠬᠦᠴᠦᠨ ᠢ ᠪᠦᠬᠦ ᠲᠠᠯ᠎ᠠ ᠪᠠᠷ ᠠᠭᠤᠳᠠᠯᠵᠤ ᠦᠷ᠎ᠡ ᠠᠰᠢᠭ ᠢ ᠨᠡᠮᠡᠭᠳᠡᠭᠦᠯᠵᠦ᠂ ︽ᠪᠠᠷᠢᠮᠵᠢᠶ᠎ᠠ ᠳᠤ ᠬᠦᠷᠭᠡᠵᠦ ᠨᠢᠭᠡᠳᠦᠯᠲᠡᠢ ᠪᠣᠯᠭᠠᠬᠤ︾ ᠠᠵᠢᠯ ᠢ ᠪᠣᠳᠠᠲᠠᠢ ᠠᠳᠬᠤᠵᠤ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠬᠦ ᠶᠢ ᠪᠠᠲᠤᠯᠠᠬᠤ ᠬᠡᠷᠡᠭᠲᠡᠢ᠃ ᠣᠷᠣᠭᠤᠯᠤᠨ ᠠᠪᠴᠢᠷᠠᠬᠤ ᠲᠠᠪᠴᠠᠩ ᠢ ᠰᠠᠶᠢᠲᠤᠷ ᠬᠡᠷᠡᠭᠯᠡᠵᠦ᠂ ᠣᠷᠣᠭᠤᠯᠤᠨ ᠠᠪᠴᠢᠷᠠᠬᠤ ᠠᠷᠭ᠎ᠠ ᠵᠠᠮ ᠢ ᠥᠷᠭᠡᠳᠬᠡᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠵᠦ᠂  ᠠᠷᠡᠯᠵᠢᠶᠠᠴᠢᠨ ᠤᠷᠢᠵᠤ ᠪᠡᠯᠡ ᠮᠦᠩᠬᠦ ᠣᠷᠣᠭᠤᠯᠣᠨ ᠠᠪᠴᠢᠷᠡᠬᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ︽ᠵᠢᠭᠤᠯᠴᠢᠯᠠᠯ ᠤᠨ ᠳᠥᠷᠪᠡᠨ ᠭᠠᠵᠠᠷ︾ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ︽ᠲᠠᠪᠤᠨ ᠶᠠᠭᠤ︾ ᠶᠢᠨ ᠰᠡᠳᠦᠪ ᠤᠨ ᠲᠣᠭᠤᠷᠢᠨ ᠳᠤ᠂ ᠵᠢᠭᠤᠯᠴᠢᠯᠠᠯ ᠤᠨ ᠵᠢᠷᠭᠤᠭᠠᠨ ᠬᠦᠴᠦᠨ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠵᠡᠭᠡᠯᠢ ᠨᠢᠭᠡ ᠦᠵᠡᠮᠵᠢ︾ ᠶᠢᠨ ᠣᠨᠴᠠᠯᠢᠭᠲᠤ ᠵᠡᠭᠡᠯᠢ ᠲᠣᠭᠤᠷᠢᠭ ᠢ ᠪᠠᠶᠢᠭᠤᠯᠵᠤ᠂ ᠣᠨᠴᠠᠯᠢᠭᠲᠤ ᠶᠠᠰᠤ ᠴᠢᠨᠠᠷ᠂ ᠰᠣᠶᠣᠯ ᠤᠨ ᠣᠶᠢᠯᠠᠭᠠᠯᠲᠠ᠂ ᠠᠵᠤ ᠦᠢᠯᠡᠰ ᠢ ᠡᠮᠬᠢᠯᠡᠨ ᠨᠡᠶᠢᠯᠡᠭᠦᠯᠬᠦ᠂ ᠦᠢᠯᠡᠴᠢᠯᠡᠭᠡ ᠶᠢ ᠳᠡᠭᠡᠭᠰᠢᠯᠡᠭᠦᠯᠬᠦ᠂ ᠭᠤᠤᠯ ᠴᠣᠭᠴᠠ ᠶᠢ ᠪᠤᠶᠢᠵᠢᠭᠤᠯᠬᠤ᠂ ᠤᠬᠠᠭᠤᠯᠤᠨ ᠡᠵᠡᠩᠨᠡᠨ ᠪᠣᠷᠣᠯᠠᠭᠤᠯᠬᠤ ᠠᠵᠢᠯ ᠢ ᠰᠠᠶᠢᠲᠤᠷ ᠬᠢᠵᠦ᠂ ᠤᠯᠤᠰ ᠤᠨ ᠲᠠᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠤ ᠲᠠᠰ ᠳᠡᠪᠰᠢᠬᠦ ᠶᠢ ᠠᠬᠢᠭᠤᠯᠵᠤ᠂ ᠨᠠᠮᠤᠷ ᠡᠪᠦᠯ ᠤᠨ ᠤᠯᠠᠷᠢᠯ ᠤᠨ ᠵᠢᠭᠤᠯᠴᠢᠯᠠᠯ ᠤᠨ ᠪᠦᠲᠦᠭᠡᠭᠳᠡᠬᠦᠨ ᠤ ᠡᠵᠡᠩᠨᠡᠯᠲᠡ ᠶᠢᠨ ᠪᠠᠶᠢᠳᠠᠯ ᠢ ᠡᠷᠲᠡᠭᠡᠨ ᠲᠥᠰᠦᠪᠯᠡᠵᠦ᠂ ︽ᠬᠥᠭᠵᠢᠶᠡᠨᠲᠡᠶ ᠤᠯᠠᠷᠢᠯ ᠢ ᠤᠷᠲᠤᠳᠬᠠᠵᠤ᠂ ᠴᠣᠬᠠᠭ ᠤᠯᠠᠷᠢᠯ ᠢ ᠬᠦᠭᠵᠢᠶᠠᠨᠳᠡᠢ ᠪᠣᠯᠭᠠᠬᠤ︾ ᠪᠠᠷ ᠳᠠᠮᠵᠢᠭᠤᠯᠤᠨ ᠵᠢᠭᠤᠯᠴᠢᠯᠠᠯ ᠢ ᠬᠦᠭᠵᠢᠶᠡᠨ ᠲᠠᠢ ᠪᠣᠯᠭᠠᠬᠤ ᠬᠡᠷᠡᠭᠲᠡᠶ ᠭᠡᠵᠣ ᠴᠢᠬᠤᠯᠠᠴᠢᠯᠡᠪᠡ᠃      ᠬᠤᠷᠠᠯ ᠠᠴᠠ᠂ ᠨᠠᠮ ᠤᠨ ᠪᠠᠶᠢᠭᠤᠯᠤᠯᠲᠠ ᠪᠠᠷ ᠲᠠᠶᠢᠴᠢᠯᠡᠨ ᠳᠠᠭᠠᠭᠤᠯᠬᠤ ᠶᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠨᠠᠮ ᠤᠨ ᠵᠣᠬᠢᠶᠠᠨ ᠪᠠᠶᠢᠭᠤᠯᠤᠯᠲᠠ᠂ ᠰᠤᠷᠭᠠᠨ ᠬᠥᠮᠦᠵᠢᠯ᠂ ᠬᠢᠨᠠᠯᠲᠠ ᠬᠠᠮᠢᠶᠠᠷᠤᠯᠲᠠ᠂ ᠲᠦᠷᠢᠮ᠂ ᠬᠠᠷᠢᠭᠤᠴᠠᠯᠭ᠎ᠠ ︽ᠲᠠᠪᠤᠨ ᠰᠢᠰᠲ᠋ᠧᠮ︾ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠲᠦᠷᠭᠡᠳᠬᠡᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠬᠤ ᠪᠡ ᠴᠢᠬᠤᠯᠠ ᠶᠡᠭᠡ ᠠᠵᠢᠯᠯᠠᠭ᠎ᠠ ᠶᠢᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠲᠦᠷᠦᠯ ᠤᠨ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠪᠠᠨ ᠴᠢᠯᠥᠭᠡᠯᠡᠬᠦ ᠶᠢ ᠴᠢᠨᠠᠭᠰᠢᠳᠠ ᠠᠬᠢᠭᠤᠯᠵᠤ᠂ ᠲᠡᠮᠡᠴᠡᠯ ᠤᠨ ᠤᠬᠠᠮᠰᠠᠷ ᠢᠶᠠᠨ ᠴᠢᠩᠭᠠᠳᠬᠠᠵᠤ᠂ ᠠᠵᠢᠯ ᠬᠢᠵᠦ ᠦᠢᠯᠡᠰ ᠪᠤᠰᠬᠠᠬᠤ ᠣᠷᠭᠢᠯᠤᠮ᠎ᠠ ᠰᠡᠳᠬᠢᠯᠭᠡ ᠶᠢ ᠬᠥᠭᠵᠢᠭᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠴᠢᠳᠠᠪᠤᠷᠢ ᠪᠠᠨ ᠳᠡᠭᠡᠭᠰᠢᠯᠡᠭᠦᠯᠵᠦ᠂ ︽ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠴᠤᠴᠠᠯᠲᠠ ᠦᠭᠡᠢ ᠤᠷᠤᠭᠰᠢᠯᠠᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠪᠣᠴᠠᠰᠢ ᠦᠭᠡᠢ︾ ᠭᠡᠬᠦ ᠮᠣᠩᠭᠤᠯ ᠮᠤᠷᠢᠨ ᠤ ᠵᠣᠷᠢᠭ ᠰᠠᠨᠠᠭ᠎ᠠ ᠪᠠᠷ ᠷᠠᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠡᠵᠡᠢ᠃
 
ᠢᠷᠡᠯᠲᠡ᠄ ᠷᠡᠰᠢᠶᠠᠨ ᠬᠤᠳᠡ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号