ᠷᠠᠰᠢᠶᠠᠨ ᠬᠤᠲᠠ ᠵᠠᠬᠢᠳᠠᠯ ᠰᠤᠷᠪᠤᠯᠵᠢᠯᠠᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/18
     7 ᠰᠠᠷ᠎ᠠ ᠶᠢᠨ 16 ᠤ ᠡᠳᠦᠷ᠂ ᠷᠠᠰᠢᠶᠠᠨ ᠬᠤᠲᠠ ᠵᠠᠬᠢᠳᠠᠯ ᠰᠤᠷᠪᠤᠯᠵᠢᠯᠠᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠢ ᠡᠷᠭᠢᠯᠡᠵᠦ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ ᠨᠠᠷᠢᠨ ᠣᠶᠢᠯᠠᠭᠠᠭᠰᠠᠨ ᠪᠥᠭᠡᠳ ᠪᠣᠳᠠᠲᠠᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠦᠬᠦ ᠬᠤᠳᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠨᠠᠭᠰᠢᠳᠠ ᠴᠢᠩᠭᠠᠳᠬᠠᠵᠤ᠂ ᠴᠢᠬᠤᠯᠠ ᠶᠡᠭᠡ ᠠᠵᠢᠯᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠮᠤᠷ ᠲᠦᠪᠰᠢᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠵᠠᠬᠢᠳᠠᠯ ᠰᠤᠷᠪᠤᠯᠵᠢᠯᠠᠯ ᠤᠨ ᠠᠵᠢᠯ ᠤᠨ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠱᠠᠭᠠᠷᠳᠠᠯᠭ᠎ᠠ ᠪᠠ ᠰᠤᠷᠪᠤᠯᠵᠢᠯᠠᠭ᠎ᠠ ᠶᠢ ᠬᠦᠯᠢᠶᠡᠨ ᠠᠪᠴᠤ ᠳᠣᠷᠣᠭᠰᠢ ᠪᠠᠭᠤᠯᠭᠠᠨ ᠰᠤᠷᠪᠤᠯᠵᠢᠯᠠᠬᠤ᠂ ᠵᠠᠬᠢᠳᠠᠯ ᠰᠤᠷᠪᠤᠯᠵᠢᠯᠠᠯ ᠢ ᠣᠷᠣᠯᠠᠨ ᠬᠦᠢᠴᠡᠳᠬᠡᠬᠦ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠲᠣᠭᠲᠠᠭᠤᠨ ᠢ ᠡᠵᠡᠮᠰᠢᠬᠦ ᠬᠠᠷᠢᠭᠤᠴᠠᠯᠭ᠎ᠠ᠂  ᠡᠷᠭᠡ ᠮᠠᠳᠡᠯ ᠤᠨ ᠰᠠᠯᠠᠭ᠎ᠠ ᠮᠥᠴᠢᠷ ᠤᠨ ᠠᠷᠢᠯᠭᠠᠨ ᠰᠢᠢᠳᠪᠦᠷᠢᠯᠡᠬᠦ ᠬᠠᠷᠢᠭᠤᠴᠠᠯᠭ᠎ᠠ᠂ ᠤᠳᠤᠷᠢᠳᠤᠯᠭ᠎ᠠ ᠬᠡᠷᠡᠭ ᠢ ᠳᠠᠭᠠᠭᠠᠴᠢᠯᠠᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠣᠨ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠨᠠᠷᠢᠯᠢᠬᠵᠢᠭᠤᠯᠤᠨ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠦᠨᠡᠨ ᠬᠦ ᠡᠷᠲᠡ  ᠪᠦᠭᠡᠳ ᠪᠠᠭ᠎ᠠ ᠳᠡᠭᠡᠷ᠎ᠡ ᠨᠢ ᠰᠢᠢᠳᠪᠦᠷᠢᠯᠡᠵᠦ᠂ ᠦᠨᠳᠦᠰᠦᠨ ᠱᠠᠲᠤᠨ ᠳᠤ ᠠᠷᠢᠯᠭᠠᠬᠤ ᠬᠡᠷᠡᠭᠲᠡᠶ᠃ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠡᠳᠬᠢᠯ ᠲᠠᠯᠪᠢᠨ ᠰᠣᠨᠣᠰᠴᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠲᠠᠰᠤᠷᠠᠯᠳᠠ ᠦᠭᠡᠢ ᠰᠢᠯᠤᠭᠤᠳᠬᠠᠬᠤ ᠪᠠ ᠵᠢᠷᠤᠮᠵᠢᠭᠤᠯᠵᠤ᠂ ᠬᠠᠶᠢᠷ᠎ᠠ ᠰᠡᠳᠬᠢᠯᠭᠡ ᠲᠠᠢ ᠂ ᠬᠠᠷᠢᠭᠤᠴᠠᠯᠭ᠎ᠠ ᠲᠠᠢ ᠪᠠᠷ ᠬᠠᠤᠯᠢ ᠲᠣᠭᠲᠠᠭᠠᠯ ᠶᠣᠰᠣᠭᠠᠷ ᠵᠠᠬᠢᠳᠠᠯ ᠰᠤᠷᠪᠤᠯᠵᠢᠯᠠᠯ ᠤᠨ ᠬᠡᠷᠡᠭ ᠨᠢᠭᠡᠪᠦᠷᠢ ᠶᠢ ᠪᠣᠳᠠᠲᠠᠢ ᠪᠥᠭᠡᠳ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠶᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠤᠨ ᠬᠡᠷᠡᠭ ᠢ ᠳᠠᠭᠤᠰᠬᠠᠬᠤ ᠠᠵᠢᠯ ᠢ ᠠᠬᠢᠭᠤᠯᠬᠤ ᠬᠡᠷᠡᠭᠲᠡᠢ  ᠭᠡᠵᠣ ᠴᠢᠬᠤᠯᠠᠴᠢᠯᠡᠪᠡ᠃      ᠬᠤᠲᠠ ᠶᠢᠨ ᠤᠳᠤᠷᠢᠳᠤᠯᠭ᠎ᠠ ᠸᠠᠩ ᠲᠢᠶᠠᠨ ᠹᠧᠩ᠂ ᠬᠠᠨ ᠴᠠᠩ ᠵᠢᠦ᠂ ᠦ᠋ ᠫᠸᠢ᠂ ᠴᠢᠶᠣᠤ ᠹᠧᠩ ᠯᠢᠨ᠂ ᠵᠣᠣ ᠰᠢ ᠵᠢᠦ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠷᠡᠰᠢᠶᠠᠨ ᠬᠤᠳᠡ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号