ᠭᠤᠤᠯ ᠡᠭᠦᠷᠭᠡ ᠬᠠᠷᠢᠭᠤᠴᠠᠯᠭ᠎ᠠ᠄ | ︵ᠨᠢᠭᠡ︶ ᠪᠦᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ᠂ ᠳᠤᠮᠳᠠ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠥᠯᠥᠪᠵᠢᠭᠦᠯᠭᠡ ᠶᠢᠨ | ᠰᠢᠰᠲ᠋ᠧᠮ ᠤᠨ ᠪᠠᠶᠢᠭᠤᠯᠤᠯᠲᠠ ᠶᠢ ᠲᠦᠷᠦᠭᠦᠯᠡᠨ ᠵᠣᠬᠢᠶᠠᠨ ᠪᠠᠶᠢᠭᠤᠯᠵᠤ᠂ ᠬᠤᠲᠠ ᠶᠢᠨ ᠱᠠᠲᠤᠨ ᠤ ᠲᠤᠰᠬᠠᠶ | ᠲᠥᠯᠥᠪᠵᠢᠭᠦᠯᠭᠡ᠂ ᠣᠷᠣᠨ ᠪᠦᠰᠡ ᠶᠢᠨ ᠲᠥᠯᠥᠪᠵᠢᠭᠦᠯᠭᠡ᠂ ᠣᠷᠣᠨ ᠵᠠᠶ ᠶᠢᠨ ᠲᠥᠯᠥᠪᠵᠢᠭᠦᠯᠭᠡ ᠶᠢ ᠪᠥᠬᠦ | ᠬᠤᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠲᠠᠢ ᠨᠢᠭᠡᠳᠦᠯᠲᠡᠶ ᠲᠥᠯᠥᠪᠯᠡᠨ ᠵᠣᠯᠭᠠᠭᠤᠯᠬᠤ ᠠᠵᠢᠯ ᠢ | ᠬᠠᠷᠢᠭᠤᠴᠠᠨ᠎ᠠ᠃ ᠪᠦᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ᠂ ᠠᠵᠤ | ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠪᠠ ᠭᠠᠳᠠᠭᠠᠳᠤ ᠨᠡᠭᠡᠭᠡᠯᠲᠡ ᠶᠢᠨ ᠬᠤᠯᠪᠣᠭᠳᠠᠯ ᠪᠦᠬᠦᠢ ᠬᠠᠤᠯᠢ | ᠲᠣᠭᠲᠠᠭᠠᠯ ᠤᠨ ᠲᠥᠰᠦᠯ ᠢ ᠲᠤᠭᠤᠷᠪᠢᠵᠤ᠂ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠢ ᠲᠣᠭᠲᠠᠭᠠᠵᠤ᠂ | ᠡᠷᠬᠡ ᠶᠢ ᠥᠷᠭᠡᠳᠬᠡᠨ ᠰᠢᠶᠠᠨ ᠬᠤᠳᠡ ᠶᠢ ᠬᠦᠴᠦᠷᠬᠡᠭᠵᠢᠭᠦᠯᠬᠦ ᠳᠤ ᠨᠡᠮᠡᠭᠰᠡᠨ ᠡᠭᠦᠷᠭᠡ ᠴᠢᠳᠠᠪᠬᠢ ᠪᠠ ᠡᠷᠬᠡ | ᠮᠡᠳᠡᠯ ᠢ ᠳᠠᠭᠠᠭᠠᠨ ᠠᠪᠣᠨ᠎ᠠ᠃ | ︵ᠬᠤᠶᠠᠷ︶ ᠪᠥᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠭᠤᠤᠯ ᠬᠠᠷᠠᠯᠲᠠ ᠶᠢ ᠨᠢᠭᠡᠳᠦᠯᠲᠡᠶ ᠲᠥᠯᠥᠪᠯᠡᠨ ᠳᠤᠷᠠᠳᠴᠤ᠂ ᠬᠤᠷᠸ᠎ᠠ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠪᠠᠶᠢᠳᠠᠯ ᠤᠨ ᠬᠠᠨᠳᠤᠰᠢ ᠶᠢ ᠬᠢᠨᠠᠨ ᠬᠡᠮᠵᠢᠵᠦ ᠤᠷᠢᠳᠴᠢᠯᠠᠨ ᠵᠢᠱᠢᠵᠦ᠂ ᠬᠤᠷᠸ᠎ᠠ ᠲᠣᠬᠢᠷᠠᠭᠤᠯᠤᠯ | ᠡᠵᠡᠮᠳᠡᠯ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠣᠨ᠎ᠠ᠃ ᠬᠤᠷᠸ᠎ᠠ ᠠᠵᠤ ᠠᠬᠤᠶ ᠶᠢᠨ ᠲᠥᠷᠥ ᠶᠢᠨ | ᠪᠣᠳᠣᠯᠭ᠎ᠠ ᠶᠢ ᠶᠡᠷᠦᠩᠬᠡᠶᠢᠯᠡᠨ ᠵᠣᠬᠢᠴᠠᠭᠤᠯᠵᠤ᠂ ᠬᠤᠷᠸ᠎ᠠ ᠠᠵᠤ ᠠᠬᠤᠶ ᠶᠢᠨ ᠠᠷᠭᠠᠴᠠᠭᠠᠬᠤ ᠠᠷᠭ᠎ᠠ ᠬᠡᠮᠵᠢᠶ᠎ᠡ ᠶᠢ | ᠲᠦᠷᠦᠭᠦᠯᠡᠨ ᠰᠤᠳᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠶ ᠶᠢᠨ | ᠠᠵᠢᠯᠯᠠᠭᠠᠨ ᠢ ᠲᠣᠬᠢᠷᠠᠭᠤᠯᠵᠤ᠂ ᠠᠵᠤ ᠠᠬᠤᠶ ᠶᠢᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠨ᠎ᠡ᠃ ᠬᠤᠯᠪᠣᠭᠳᠠᠯ ᠪᠦᠬᠦᠢ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠥᠭᠡᠨ ᠲᠣᠭᠠᠨ ᠤ ᠷᠡᠰᠢᠶᠠᠨ | ᠬᠤᠲᠠ ᠶᠢᠨ ᠬᠠᠮᠢᠶᠠᠷᠴᠤ ᠪᠠᠶᠢᠭ᠎ᠠ ᠴᠢᠬᠤᠯᠠ ᠲᠠᠸᠠᠷ᠂ ᠦᠢᠯᠡᠴᠢᠯᠡᠭᠡᠨ ᠤ ᠦᠨ᠎ᠡ ᠬᠠᠩᠰᠢ ᠪᠣᠯᠤᠨ ᠴᠢᠬᠤᠯᠠ | ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ | ︵ᠭᠤᠷᠪᠠ︶ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ | ᠵᠢᠯᠣᠭᠤᠳᠤᠨ ᠠᠬᠢᠭᠤᠯᠬᠤ ᠪᠠ ᠶᠡᠷᠦᠩᠬᠡᠶᠢᠯᠡᠨ ᠵᠣᠬᠢᠴᠠᠭᠤᠯᠵᠤ᠂ ᠬᠤᠯᠪᠣᠭᠳᠠᠯ ᠪᠦᠬᠦᠢ ᠰᠠᠨᠠᠭᠤᠯᠭ᠎ᠠ ᠳᠤᠷᠠᠳᠤᠨ᠎ᠠ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠦᠷᠦᠭᠦᠯᠡᠨ ᠠᠬᠢᠭᠤᠯᠤᠨ᠎ᠠ᠃ | ᠥᠮᠴᠢᠯᠡᠬᠦ ᠡᠷᠬᠡ ᠶᠢᠨ ᠲᠦᠷᠢᠮ ᠪᠠ ᠴᠢᠬᠤᠯᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ | ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠤᠨ᠎ᠠ᠃ ᠠᠵᠤ ᠠᠬᠤᠶ ᠶᠢᠨ ᠦᠨᠳᠦᠰᠦᠨ ᠳᠦᠷᠢᠮ ᠪᠠ ᠣᠳᠣ | ᠦᠶ᠎ᠠ ᠶᠢᠨ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ ᠲᠡᠭᠦᠯᠳᠡᠷᠵᠢᠭᠦᠯᠵᠦ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠶ ᠲᠠᠯ᠎ᠠ ᠶᠢᠨ | ᠨᠠᠷᠢᠨ ᠲᠠᠩᠰᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ | ᠠᠬᠤᠢ ᠶᠢᠨ ᠬᠦᠭᠵᠢᠯᠲᠡ ᠶᠢ ᠲᠦᠯᠬᠢᠨ ᠠᠬᠢᠭᠤᠯᠤᠨ᠎ᠠ᠃ ᠪᠦᠬᠦ ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠠᠯ ᠢ ᠰᠢᠯᠢᠳᠡᠭᠵᠢᠭᠦᠯᠬᠦ ᠶᠢ ᠠᠬᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ | ᠲᠣᠭᠲᠠᠭᠠᠨ᠎ᠠ᠃ | ︵ᠲᠦᠷᠪᠡ︶ ᠭᠠᠳᠠᠭᠠᠳᠤ ᠪᠡᠯᠡ ᠶᠢ ᠠᠰᠢᠭᠯᠠᠬᠤ ᠪᠠ ᠬᠢᠯᠢ ᠶᠢᠨ ᠭᠠᠳᠠᠨ᠎ᠠ ᠪᠡᠯᠡ ᠣᠷᠣᠭᠤᠯᠬᠤ ᠪᠠᠶᠢᠯᠳᠤᠬᠤ | ᠪᠣᠳᠣᠯᠭ᠎ᠠ᠂ ᠲᠥᠯᠥᠪᠵᠢᠭᠦᠯᠭᠡ᠂ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠪᠠ ᠪᠦᠲᠦᠴᠡ ᠶᠢᠨ ᠴᠢᠨᠠᠷᠲᠠᠶ | ᠲᠥᠷᠥ ᠶᠢᠨ ᠪᠣᠳᠣᠯᠭ᠎ᠠ ᠶᠢ ᠳᠤᠷᠠᠳᠤᠨ᠎ᠠ᠃ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢ | ᠬᠡᠷᠡᠭᠵᠢᠭᠦᠯᠬᠦ ᠶᠢ ᠲᠦᠷᠦᠭᠦᠯᠡᠨ ᠠᠬᠢᠭᠤᠯᠤᠨ᠎ᠠ᠃ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠭᠠᠳᠠᠭᠰᠢ ᠭᠠᠷᠭᠠᠬᠤ | ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠶᠢ ᠵᠥᠪᠰᠢᠶᠡᠷᠡᠬᠦ ᠨᠠᠵᠠᠭᠠᠶ ᠲᠠᠯ᠎ᠠ ᠶᠢᠨ ᠨᠠᠷᠢᠨ ᠲᠠᠩᠰᠠ ᠶᠢ | ᠳᠤᠷᠠᠳᠤᠨ᠎ᠠ᠃ ᠪᠥᠬᠦ ᠬᠤᠲᠠ ᠶᠢᠨ ᠪᠥᠬᠦ ᠰᠢᠰᠲ᠋ᠧᠮ ᠤᠨ ᠭᠠᠳᠠᠭᠠᠳᠤ ᠵᠢᠭᠡᠯᠡᠯᠭᠡ ᠶᠢᠨ ᠶᠡᠷᠦᠩᠬᠡᠶ ᠬᠡᠮᠵᠢᠶ᠎ᠡ ᠶᠢ | ᠬᠢᠵᠠᠭᠠᠷᠯᠠᠬᠤ᠂ ᠪᠦᠲᠦᠴᠡ ᠶᠢ ᠰᠢᠯᠢᠳᠡᠭᠵᠢᠭᠦᠯᠬᠦ ᠪᠠ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃ | ︵ᠲᠠᠪᠤ︶ ᠪᠡᠯᠡ ᠣᠷᠣᠭᠤᠯᠤᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ | ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠪᠴᠢᠶ᠎ᠡ᠂ ᠪᠦᠲᠦᠴᠡ ᠶᠢ | ᠲᠣᠬᠢᠷᠠᠭᠤᠯᠤᠨ ᠡᠵᠡᠮᠳᠡᠬᠦ ᠬᠠᠷᠠᠯᠲᠠ ᠪᠣᠯᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠠᠮᠢᠶ᠎ᠠ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠥᠷᠥ ᠶᠢᠨ ᠪᠣᠳᠣᠯᠭ᠎ᠠ ᠶᠢᠨ ᠪᠡᠯᠡ ᠣᠷᠣᠭᠤᠯᠤᠯᠲᠠ ᠶᠢᠨ ᠲᠥᠷᠥᠯ | ᠵᠦᠢᠯ ᠢ ᠬᠢᠨᠠᠨ ᠵᠥᠪᠰᠢᠶᠡᠷᠡᠬᠦ ᠡᠷᠬᠡ ᠮᠡᠳᠡᠯ ᠪᠣᠯᠤᠨ ᠵᠠᠰᠠᠭ ᠤᠨ ᠣᠷᠳᠣᠨ ᠤ ᠬᠢᠨᠠᠨ ᠵᠥᠪᠰᠢᠶᠡᠷᠡᠭᠰᠡᠨ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠭᠠᠷᠴᠠᠭ ᠢ ᠲᠤᠭᠤᠷᠪᠢᠨ ᠲᠣᠭᠲᠠᠭᠠᠨ᠎ᠠ᠃ | ᠲᠥᠷᠥᠯ ᠵᠦᠢᠯ ᠢ ᠬᠢᠨᠠᠨ ᠵᠥᠪᠰᠢᠶᠡᠷᠡᠵᠦ᠂ ᠬᠢᠨᠠᠨ ᠬᠠᠷᠭᠤᠭᠤᠯᠤᠨ᠎ᠠ᠃ ᠴᠢᠬᠤᠯᠠ ᠶᠡᠭᠡ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠪᠣᠯᠤᠨ ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠲᠠ ᠶᠢ | ᠲᠥᠯᠥᠪᠵᠢᠭᠦᠯᠣᠨᠠ᠃ ᠠᠷᠠᠳ ᠤᠨ ᠪᠡᠯᠡ ᠣᠷᠣᠭᠤᠯᠤᠯᠲᠠ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ︵ᠵᠢᠷᠭᠤᠭ᠎ᠠ︶ ᠣᠲᠣ ᠦᠶ᠎ᠡ ᠶᠢᠨ ᠠᠵᠤ ᠠᠬᠤᠶ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ᠂ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠶᠡᠷᠦᠩᠬᠡᠶ ᠬᠠᠷᠠᠯᠲᠠ᠂ ᠴᠢᠬᠤᠯᠠ ᠶᠡᠭᠡ ᠡᠭᠦᠷᠭᠡ ᠵᠢᠴᠢ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠶᠢ ᠳᠤᠷᠠᠳᠤᠨ ᠭᠠᠷᠭᠠᠨ᠎ᠠ᠃ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠲᠥᠯᠥᠪᠵᠢᠭᠦᠯᠭᠡ ᠶᠢ ᠦᠨᠡᠯᠡᠨ ᠵᠢᠱᠢᠵᠦ ᠱᠠᠯᠠᠪᠳᠡᠭᠤᠯᠣᠨ ᠵᠢᠯᠣᠭᠤᠳᠬᠤ ᠪᠠ ᠴᠢᠬᠤᠯᠠ ᠶᠡᠭᠡ ᠲᠥᠷᠥ ᠶᠢᠨ | ᠪᠣᠳᠣᠯᠭ᠎ᠠ᠂ ᠴᠢᠬᠤᠯᠠ ᠶᠡᠭᠡ ᠢᠨᠵᠧᠨᠧᠷᠢᠩ ᠢ ᠱᠠᠯᠠᠪᠳᠡᠭᠤᠯᠣᠨ ᠵᠢᠯᠣᠭᠤᠳᠬᠤ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠬᠠᠮᠢᠶ᠎ᠠ ᠪᠦᠬᠦᠢ ᠲᠣᠬᠢᠷᠠᠭᠤᠯᠬᠤ ᠰᠠᠨᠠᠭᠤᠯᠭ᠎ᠠ ᠳᠤᠷᠠᠳᠤᠨ᠎ᠠ᠃ | ︵ᠳᠤᠯᠤᠭ᠎ᠠ︶ ᠪᠥᠬᠦ ᠬᠤᠲᠠ ᠶᠢᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠪᠠ ᠴᠢᠬᠤᠯᠠ ᠶᠡᠭᠡ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠮᠢᠶ᠎ᠠ ᠪᠥᠬᠦᠶ ᠣᠷᠣᠨ ᠪᠦᠰᠡ ᠶᠢᠨ | ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ᠃ ᠤᠯᠤᠰ᠂ | ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠴᠢᠬᠤᠯᠠ ᠶᠡᠭᠡ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠪᠠ ᠲᠥᠯᠥᠪᠵᠢᠭᠦᠯᠭᠡ ᠶᠢ ᠬᠡᠷᠡᠭᠵᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠬᠤᠪᠢᠰᠬᠠᠯ ᠤᠨ | ᠬᠠᠭᠤᠴᠢᠨ ᠰᠠᠭᠤᠷᠢᠨ ᠭᠠᠵᠠᠷ ᠴᠥᠭᠡᠨ ᠲᠣᠭᠠᠲᠤ ᠦᠨᠳᠦᠰᠦᠲᠡᠨ ᠵᠢᠴᠢ ᠪᠤᠰᠤᠳ ᠣᠨᠴᠠ ᠬᠦᠴᠢᠷᠳᠡᠯᠲᠡᠶ ᠭᠠᠵᠠᠷ | ᠣᠷᠣᠨ ᠤ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ | ᠲᠣᠭᠲᠠᠭᠠᠬᠤ ᠪᠠ ᠬᠡᠷᠡᠭᠵᠢᠭᠦᠯᠵᠦ᠂ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠪᠠ ᠠᠵᠢᠯ ᠣᠯᠭᠤᠬᠤ ᠪᠠᠷ | ᠲᠡᠳᠬᠦᠮᠵᠢ ᠶᠢ ᠣᠷᠣᠯᠠᠭᠤᠯᠬᠤ ᠲᠥᠯᠥᠪᠯᠡᠭᠡ ᠵᠡᠷᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠢᠨ᠎ᠡ | ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠬᠤ ᠶᠢᠨ ᠬᠠᠮᠲᠤ ᠬᠡᠷᠡᠭᠵᠢᠭᠦᠯᠬᠦ ᠶᠢ ᠠᠬᠢᠭᠤᠯᠤᠨ᠎ᠠ᠃ | ︵ᠨᠠᠢᠮᠠ︶ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠵᠣᠬᠢᠶᠠᠨ | ᠪᠠᠶᠢᠭᠤᠯᠤᠨ ᠲᠤᠭᠤᠷᠪᠢᠨ ᠲᠣᠭᠲᠠᠭᠠᠨ᠎ᠠ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ | ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠠᠮᠢᠶ᠎ᠠ ᠪᠥᠬᠦᠶ ᠬᠥᠭᠵᠢᠯᠲᠡ ᠶᠢᠨ | ᠲᠥᠯᠥᠪᠵᠢᠭᠦᠯᠭᠡ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠵᠣᠯᠭᠠᠭᠤᠯᠵᠤ᠂ | ᠴᠢᠬᠤᠯᠠ ᠶᠡᠭᠡ ᠰᠠᠭᠤᠷᠢ ᠲᠦᠬᠦᠭᠡᠷᠣᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢ ᠵᠣᠬᠢᠴᠠᠭᠤᠯᠤᠨ | ᠠᠬᠢᠭᠤᠯᠵᠤ᠂ ᠦᠢᠯᠡᠴᠢᠯᠡᠭᠡᠨ ᠤ ᠦᠢᠯᠡᠰ ᠵᠢᠴᠢ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ | ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠵᠣᠬᠢᠶᠠᠨ | ᠪᠠᠶᠢᠭᠤᠯᠤᠨ ᠲᠤᠭᠤᠷᠪᠢᠬᠤ ᠶᠢᠨ ᠬᠠᠮᠲᠤ ᠬᠡᠷᠡᠭᠵᠢᠭᠦᠯᠬᠦ ᠶᠢ ᠠᠬᠢᠭᠤᠯᠤᠨ᠎ᠠ᠃ ᠬᠡᠷᠡᠭᠯᠡᠭᠡᠨ ᠤ ᠬᠤᠪᠢᠷᠠᠯᠲᠠ ᠶᠢᠨ | ᠬᠠᠨᠳᠤᠰᠢ ᠶᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠬᠡᠷᠡᠭᠯᠡᠭᠡ ᠶᠢ ᠠᠬᠢᠭᠤᠯᠬᠤ ᠶᠡᠷᠦᠩᠬᠡᠶᠢᠯᠡᠭᠰᠡᠨ ᠴᠢᠨᠠᠷᠲᠠᠶ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ | ︵ᠶᠢᠰᠦ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠬᠦ ᠶᠢ ᠠᠬᠢᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠲᠠ ᠶᠢᠨ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠲᠥᠯᠥᠪᠵᠢᠭᠦᠯᠭᠡ ᠪᠠ ᠲᠥᠷᠥ ᠶᠢᠨ | ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠰᠢᠨ᠎ᠡ ᠶᠢ ᠡᠭᠦᠳᠦᠨ ᠬᠥᠭᠵᠢᠭᠦᠯᠬᠦ ᠪᠠ ᠠᠵᠤ ᠠᠬᠤᠢ ᠶᠢᠨ | ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠬᠤ ᠲᠥᠷᠥ ᠶᠢᠨ ᠪᠣᠳᠣᠯᠭ᠎ᠠ ᠶᠢ ᠳᠤᠷᠠᠳᠣᠨ᠎ᠠ᠃ | ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ | ᠤᠬᠠᠭᠠᠨ ᠮᠡᠷᠭᠡᠵᠢᠯ ᠤᠨ ᠰᠠᠭᠤᠷᠢ ᠲᠦᠬᠦᠭᠡᠷᠣᠮᠵᠢ ᠶᠢ ᠲᠥᠯᠥᠪᠵᠢᠭᠦᠯᠦᠨ ᠪᠠᠶᠢᠷᠢᠰᠢᠭᠤᠯᠤᠨ᠎ᠠ᠃ ᠳᠡᠭᠡᠳᠦ | ᠮᠡᠷᠭᠡᠵᠢᠯ ᠤᠨ ᠠᠵᠤ ᠦᠢᠯᠡᠰ ᠪᠣᠯᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠵᠣᠬᠢᠶᠠᠨ | ᠪᠠᠶᠢᠭᠤᠯᠤᠨ ᠲᠤᠭᠤᠷᠪᠢᠨ ᠲᠣᠭᠲᠠᠭᠠᠬᠤ ᠪᠥᠭᠡᠳ ᠲᠦᠯᠬᠢᠨ ᠠᠬᠢᠭᠤᠯᠵᠤ᠂ ᠠᠵᠤ ᠦᠢᠯᠡᠰ ᠤᠨ ᠳᠡᠰ ᠳᠡᠪᠰᠢᠬᠦ᠂ | ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠡᠷᠭᠡ ᠲᠠᠯ᠎ᠠ ᠶᠢᠨ ᠴᠢᠬᠤᠯᠠ ᠶᠡᠭᠡ | ᠠᠰᠠᠭᠤᠳᠠᠯ ᠢ ᠵᠣᠬᠢᠴᠠᠭᠤᠯᠤᠨ᠎ᠠ᠃ | ︵ᠠᠷᠪᠠ︶ ᠠᠵᠤ ᠠᠬᠤᠶ ᠶᠢᠨ ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ᠂ ᠡᠬᠢ | ᠪᠠᠶᠠᠯᠢᠭ ᠤᠨ ᠠᠮᠤᠷ ᠲᠦᠪᠰᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠲᠦᠪᠰᠢᠨ᠂ ᠨᠡᠶᠢᠭᠡᠮ ᠤᠨ ᠠᠮᠤᠷ | ᠲᠦᠪᠰᠢᠨ ᠵᠡᠷᠭᠡ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠮᠥᠷᠳᠡᠨ ᠰᠤᠳᠤᠯᠤᠨ ᠮᠠᠭᠠᠳᠯᠠᠵᠤ᠂ | ᠬᠠᠮᠢᠶ᠎ᠠ ᠪᠥᠬᠦᠶ ᠠᠵᠢᠯ ᠤᠨ ᠰᠠᠨᠠᠭᠤᠯᠭ᠎ᠠ ᠳᠤᠷᠠᠳᠣᠨ᠎ᠠ᠃ ᠴᠢᠬᠤᠯᠠ ᠲᠠᠸᠠᠷ ᠤᠨ ᠶᠡᠷᠦᠩᠬᠡᠶ ᠬᠡᠮᠵᠢᠶ᠎ᠡ ᠶᠢ | ᠲᠡᠩᠴᠡᠭᠦᠷᠢᠲᠡᠶ ᠪᠠᠶᠢᠯᠭᠠᠬᠤ ᠪᠠ ᠬᠤᠷᠸ᠎ᠠ ᠲᠣᠬᠢᠷᠠᠭᠤᠯᠭ᠎ᠠ ᠡᠵᠡᠮᠳᠡᠯ ᠢ ᠬᠠᠷᠢᠭᠤᠴᠠᠵᠤ᠂ ᠴᠢᠬᠤᠯᠠ ᠠᠵᠤ | ᠦᠢᠯᠡᠳᠪᠦᠷᠢ ᠶᠢᠨ ᠪᠦᠲᠦᠭᠡᠭᠳᠡᠬᠦᠨ᠂ ᠲᠦᠭᠦᠬᠡᠶ ᠮᠠᠲ᠋ᠧᠷᠢᠶᠠᠯ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠢ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠣᠬᠢᠷᠠᠭᠤᠯᠤᠯ ᠡᠵᠡᠮᠳᠡᠯ ᠤᠨ ᠰᠠᠨᠠᠯ ᠢ ᠳᠤᠷᠠᠳᠤᠨ | ᠭᠠᠷᠭᠠᠵᠤ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ | ︵ᠠᠷᠪᠠᠨ ᠨᠢᠭᠡ︶ ᠨᠡᠶᠢᠭᠡᠮ ᠤᠨ ᠬᠥᠭᠵᠢᠯᠲᠡ ᠪᠠ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢᠨ | ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠬᠠᠷᠢᠭᠤᠴᠠᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ᠎ᠠ᠃ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ᠂ ᠶᠡᠷᠦᠩᠬᠡᠶ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠦᠨᠳᠦᠰᠦᠨ ᠣᠯᠠᠨ ᠨᠡᠶᠢᠲᠡ ᠶᠢᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠤᠨ | ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠢᠯ ᠣᠯᠭᠤᠯᠲᠠ ᠶᠢ ᠠᠬᠢᠭᠤᠯᠬᠤ᠂ ᠨᠡᠶᠢᠭᠡᠮ ᠤᠨ | ᠪᠠᠲᠤᠯᠠᠭ᠎ᠠ ᠶᠢ ᠲᠡᠭᠦᠯᠳᠡᠷᠵᠢᠭᠦᠯᠬᠦ ᠬᠢᠭᠡᠳ ᠠᠵᠤ ᠠᠬᠤᠶ ᠶᠢ ᠵᠣᠬᠢᠴᠠᠩᠭᠤᠶ ᠪᠠᠷ ᠬᠥᠭᠵᠢᠭᠦᠯᠬᠦ ᠲᠥᠷᠥ ᠶᠢᠨ | ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ | ᠲᠦᠷᠦᠭᠦᠯᠡᠨ ᠥᠷᠨᠢᠭᠦᠯᠦᠨ᠎ᠡ᠃ | ︵ᠠᠷᠪᠠᠨ ᠬᠤᠶᠠᠷ︶ ᠦᠷᠭᠦᠯᠵᠢᠯᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠵᠤ | ᠂ ᠠᠮᠢ ᠠᠬᠤᠶ ᠪᠣᠯᠪᠠᠰᠤᠨ ᠤ ᠪᠠᠶᠢᠭᠤᠯᠤᠯᠲᠠ ᠪᠠ ᠥᠭᠡᠷᠡᠴᠢᠯᠡᠯᠲᠡ ᠶᠢ ᠠᠬᠢᠭᠤᠯᠤᠨ᠂ ᠠᠮᠢ ᠠᠬᠤᠶ ᠶᠢᠨ ᠣᠷᠴᠢᠨ | ᠲᠣᠭᠤᠷᠢᠨ ᠢ ᠬᠠᠮᠠᠭᠠᠯᠠᠬᠤ ᠪᠠ ᠰᠡᠷᠭᠦᠭᠡᠬᠦ᠂ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠵᠡᠷᠭᠡ | ᠠᠵᠢᠯ ᠢ ᠵᠣᠬᠢᠴᠠᠭᠤᠯᠤᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠣᠭᠲᠠᠴᠠ ᠶᠢ ᠪᠦᠷᠢᠨᠰᠢᠭᠦᠯᠬᠦ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠤ | ᠦᠢᠯᠡᠰ ᠪᠠ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ | ᠵᠣᠬᠢᠴᠠᠭᠤᠯᠤᠨ᠎ᠠ᠃ | ︵ᠠᠷᠪᠠᠨ ᠭᠤᠷᠪᠠ︶ ᠤᠯᠤᠰ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠬᠢᠭᠡᠳ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠩᠭᠤᠢ ᠪᠠᠷ ᠬᠥᠭᠵᠢᠭᠦᠯᠬᠦ ᠪᠠᠶᠢᠯᠳᠤᠬᠤ ᠪᠣᠳᠤᠯᠭ᠎ᠠ | ᠂ ᠲᠥᠯᠥᠪᠵᠢᠭᠦᠯᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠥᠷᠥ ᠶᠢᠨ ᠪᠣᠳᠤᠯᠭ᠎ᠠ ᠠᠷᠭ᠎ᠠ ᠬᠡᠮᠵᠢᠶ᠎ᠡ ᠶᠢ | ᠰᠣᠳᠤᠯᠤᠨ ᠳᠤᠷᠠᠳᠴᠤ᠂ ᠬᠤᠯᠪᠤᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠴᠡᠷᠢᠭ | ᠠᠷᠠᠳ ᠤᠨ ᠠᠭᠤᠰᠤᠯᠴᠠᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠵᠤ᠂ ᠤᠯᠤᠰ | ᠠᠷᠠᠳ ᠤᠨ ᠠᠵᠤ ᠠᠬᠤᠶ ᠶᠢᠨ ᠳᠠᠶᠢᠴᠢᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠵᠤ᠂ ᠤᠯᠤᠰ ᠠᠷᠠᠳ ᠤᠨ ᠠᠵᠤ ᠠᠬᠤᠶ ᠶᠢᠨ ᠳᠠᠶᠢᠴᠢᠯᠠᠯᠲᠠ ᠶᠢᠨ ᠬᠤᠯᠪᠣᠭᠳᠠᠯ ᠪᠦᠬᠦᠢ ᠠᠵᠢᠯ ᠢ | ᠵᠣᠬᠢᠴᠠᠭᠤᠯᠤᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠠᠷᠪᠠᠨ ᠳᠥᠷᠪᠡᠳᠦᠭᠡᠷ︶ ᠪᠥᠬᠦ ᠬᠤᠲᠠ ᠶᠢᠨ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ | ᠳᠤᠷᠠᠳᠣᠨ᠎ᠠ᠃ ᠪᠥᠬᠦ ᠬᠤᠲᠠ ᠶᠢᠨ ᠨᠡᠭᠦᠷᠡᠰᠦᠨ ᠠᠭᠤᠷᠬᠠᠶ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠶ ᠶᠢ | ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ ᠶᠢᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ | ᠬᠠᠤᠯᠢ ᠬᠡᠷᠡᠭᠵᠢᠭᠦᠯᠦᠨ ᠪᠠᠶᠢᠴᠠᠭᠠᠬᠤ᠂ ᠲᠤᠰᠬᠠᠶ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ ᠪᠥᠬᠦ | ᠬᠤᠲᠠ ᠶᠢᠨ ᠡᠨᠧᠷᠭᠢ ᠶᠢᠨ ᠦᠢᠯᠡᠳᠪᠦᠷᠢᠯᠡᠯ᠂ ᠠᠵᠢᠯᠯᠠᠭᠠᠨ ᠪᠠ ᠬᠠᠮᠢᠶᠠᠷᠤᠯᠲᠠ ᠶᠢ ᠬᠠᠷᠢᠭᠤᠴᠠᠵᠤ᠂ ᠡᠨᠧᠷᠭᠢ ᠶᠢᠨ | ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠨ᠎ᠠ᠃ ᠪᠦᠬᠦ ᠬᠤᠲᠠ ᠶᠢᠨ ᠨᠡᠭᠦᠷᠡᠰᠦᠨ | ᠠᠭᠤᠷᠬᠠᠢ ᠶᠢᠨ ᠣᠷᠣᠨ᠂ ᠮᠠᠯᠲᠠᠵᠤ ᠬᠥᠨᠳᠡᠶᠢᠷᠡᠭᠦᠯᠦᠭᠰᠡᠨ ᠣᠷᠣᠨ᠂ ᠳᠣᠷᠣᠭᠰᠢ ᠰᠠᠭᠤᠭᠰᠠᠨ ᠭᠠᠵᠡᠷ ᠵᠡᠷᠭᠡ ᠶᠢᠨ | ᠭᠠᠮᠰᠢᠭ ᠢ ᠶᠡᠷᠦᠩᠬᠡᠶᠢᠯᠡᠨ ᠵᠠᠰᠠᠬᠤ ᠠᠵᠢᠯ ᠢ ᠨᠢᠭᠡᠳᠦᠯᠲᠡᠢ ᠲᠥᠯᠥᠪᠯᠡᠨ᠎ᠡ᠃ | ︵ᠠᠷᠪᠠᠨ ᠲᠠᠪᠤ︶ ᠠᠮᠤ ᠪᠤᠳᠠᠭᠠᠨ ᠤ ᠭᠦᠢᠯᠭᠡᠭᠡ ᠪᠠ ᠡᠳ᠋ ᠪᠣᠳᠠᠰ ᠤᠨ ᠬᠠᠮᠢᠶᠠᠷᠤᠯᠲᠠ ᠶᠢᠨ ᠳᠦᠷᠢᠮ᠂ | ᠳᠦᠷᠢᠮ ᠲᠣᠭᠲᠠᠭᠠᠯ ᠢ ᠲᠤᠭᠤᠷᠪᠢᠨ ᠪᠢᠴᠢᠨ᠎ᠡ᠃ ᠴᠢᠬᠤᠯᠠ ᠡᠳ᠋ ᠪᠣᠳᠠᠰ ᠨᠥᠭᠡᠴᠡᠯᠡᠬᠦ ᠲᠥᠯᠥᠪᠵᠢᠭᠦᠯᠭᠡ᠂ | ᠨᠥᠭᠡᠴᠡᠯᠡᠬᠦ ᠲᠥᠷᠥᠯ ᠵᠦᠢᠯ ᠤᠨ ᠭᠠᠷᠴᠠᠭ ᠤᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠪᠦᠬᠦ ᠬᠤᠲᠠ ᠶᠢᠨ | ᠠᠮᠤ ᠪᠤᠳᠠᠭ᠎ᠠ᠂ ᠡᠮ ᠤᠨ ᠵᠦᠢᠯᠡᠰ ᠤᠨ ᠨᠥᠭᠡᠴᠡ ᠪᠠ ᠭᠠᠮᠰᠢᠭ ᠠᠴᠠ ᠠᠪᠤᠷᠠᠬᠤ ᠡᠳ᠋ ᠪᠣᠳᠠᠰ ᠤᠨ | ᠨᠥᠭᠡᠴᠡᠯᠡᠯᠲᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠨᠥᠭᠡᠴᠡ | ᠰᠠᠭᠤᠷᠢ ᠲᠥᠬᠦᠭᠡᠷᠦᠮᠵᠢ᠂ ᠠᠮᠤ ᠪᠤᠳᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠬᠠᠮᠢᠶᠠᠷᠴᠤ ᠪᠠᠶᠢᠭ᠎ᠠ ᠵᠠᠰᠠᠭ ᠤᠨ ᠣᠷᠳᠣᠨ ᠤ ᠨᠥᠭᠡᠴᠡ᠂ ᠠᠵᠤ ᠠᠬᠤᠶᠢᠯᠠᠯ ᠤᠨ ᠨᠥᠭᠡᠴᠡ ᠵᠢᠴᠢ ᠨᠥᠭᠡᠴᠡᠯᠡᠬᠦ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ | ᠬᠠᠷᠢᠭᠤᠴᠠᠨ᠎ᠠ᠃ | ︵ᠠᠷᠪᠠᠨ ᠵᠢᠷᠭᠤᠭ᠎ᠠ︶ ᠪᠦᠬᠦ ᠬᠤᠲᠠ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠵᠢᠴᠢ | ᠬᠤᠲᠠ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠵᠡᠷᠭᠡ ᠠᠵᠤ | ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ ᠬᠥᠭᠵᠢᠭᠦᠯᠬᠦ ᠲᠥᠯᠥᠪᠵᠢᠭᠦᠯᠭᠡ ᠪᠠ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠢᠭᠤᠯᠵᠤ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠪᠠ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠲᠣᠷᠡᠳᠣᠨᠠ᠃ | ︵ᠠᠷᠪᠠᠨ ᠳᠣᠯᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠨᠡᠭᠡᠭᠡᠯᠲᠡ ᠶᠢᠨ ᠲᠤᠬᠠᠶ | ᠴᠢᠭᠯᠡᠯᠲᠡ᠂ ᠲᠥᠷᠥ ᠶᠢᠨ ᠪᠣᠳᠣᠯᠭ᠎ᠠ ᠪᠠ ᠬᠤᠯᠪᠣᠭᠳᠠᠯ ᠪᠦᠬᠦᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ | ᠮᠠᠨ ᠤ ᠬᠤᠲᠠ ᠶᠢᠨ ᠭᠠᠳᠠᠭᠠᠳᠤ ᠨᠡᠭᠡᠭᠡᠯᠲᠡ ᠪᠠ ᠬᠤᠳᠠᠯᠳᠤᠭᠠᠴᠢᠨ ᠤᠷᠢᠵᠤ ᠪᠡᠯᠡ ᠮᠦᠩᠬᠦ ᠣᠷᠣᠭᠤᠯᠣᠨ | ᠠᠪᠴᠢᠷᠡᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠠ ᠶᠢ ᠰᠤᠳᠤᠯᠤᠨ ᠳᠤᠷᠠᠳᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠭᠠᠳᠠᠭᠠᠳᠤ ᠨᠡᠭᠡᠭᠡᠯᠲᠡ ᠪᠠ | ᠬᠤᠳᠠᠯᠳᠤᠭᠠᠴᠢᠨ ᠤᠷᠢᠵᠤ ᠪᠡᠯᠡ ᠮᠦᠩᠬᠦ ᠣᠷᠣᠭᠤᠯᠣᠨ ᠠᠪᠴᠢᠷᠡᠬᠤ ᠶᠡᠷᠦᠩᠬᠡᠶᠢᠯᠡᠭᠰᠡᠨ ᠬᠠᠮᠢᠶᠠᠷᠤᠯᠲᠠ ᠪᠠ | ᠵᠣᠬᠢᠶᠠᠨ ᠪᠠᠶᠢᠭᠤᠯᠤᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠠᠵᠤ ᠦᠢᠯᠡᠰ ᠤᠨ ᠲᠥᠷᠥ ᠶᠢᠨ | ᠪᠣᠳᠣᠯᠭ᠎ᠠ ᠶᠣᠰᠣᠭᠠᠷ᠂ ᠬᠤᠳᠠᠯᠳᠤᠭᠠᠴᠢᠨ ᠤᠷᠢᠵᠤ ᠪᠡᠯᠡ ᠮᠦᠩᠬᠦ ᠣᠷᠣᠭᠤᠯᠣᠨ ᠠᠪᠴᠢᠷᠡᠬᠤ ᠠᠵᠤ ᠦᠢᠯᠡᠰ ᠤᠨ | ᠤᠳᠤᠷᠢᠳᠤᠮᠵᠢ᠂ ᠬᠤᠳᠠᠯᠳᠤᠭᠠᠴᠢᠨ ᠤᠷᠢᠵᠤ ᠪᠡᠯᠡ ᠮᠦᠩᠬᠦ ᠣᠷᠣᠭᠤᠯᠣᠨ ᠠᠪᠴᠢᠷᠡᠬᠤ ᠲᠥᠷᠥᠯ ᠵᠦᠢᠯ ᠤᠨ | ᠲᠥᠯᠥᠪᠯᠡᠭᠡ ᠶᠢ ᠲᠣᠭᠲᠠᠭᠠᠨ᠎ᠠ᠃ | ︵ᠠᠷᠪᠠᠨ ᠨᠠᠢᠮᠡ︶ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ | ᠵᠥᠪᠯᠡᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ︵ᠠᠷᠪᠠ ᠶᠢᠰᠦ︶ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠲᠤᠬᠠᠶ ᠨᠠᠮ ᠤᠨ ᠲᠥᠪ | ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠶᠢᠮᠠᠭ ᠤᠨ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ᠂ ᠣᠨ ᠤ ᠲᠥᠯᠥᠪᠯᠡᠭᠡ᠂ ᠠᠵᠤ | ᠦᠢᠯᠡᠰ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠶᠠᠪᠤᠴᠠ ᠳᠠᠬᠢ ᠴᠢᠬᠤᠯᠠ ᠶᠡᠭᠡ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠲᠣᠬᠢᠷᠠᠭᠤᠯᠤᠯᠲᠠ ᠪᠠ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ | ︵ᠬᠤᠷᠢ︶ ᠪᠥᠬᠦ ᠬᠤᠲᠠ ᠶᠢᠨ ᠠᠵᠤ ᠦᠢᠯᠡᠳᠪᠦᠷᠢ᠂ ᠮᠡᠳᠡᠭᠡ ᠵᠠᠩᠭᠢ ᠶᠢᠨ ᠠᠵᠤ ᠦᠢᠯᠡᠰ ᠤᠨ | ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠵᠤ᠂ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠪᠠ | ᠮᠡᠳᠡᠭᠡ ᠵᠠᠩᠭᠢ ᠶᠢ ᠲᠠᠶᠢᠴᠢᠯᠡᠨ ᠵᠢᠯᠣᠭᠤᠳᠴᠤ᠂ ᠠᠵᠤ ᠦᠢᠯᠡᠳᠪᠦᠷᠢ ᠶᠢᠨ ᠠᠵᠢᠯᠯᠠᠭᠠᠨ ᠳᠠᠬᠢ ᠦᠢᠯᠡᠳᠪᠦᠷᠢᠯᠡᠯ ᠤᠨ | ᠬᠦᠴᠦᠨ ᠵᠦᠢᠯ ᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠠᠵᠢᠯ ᠲᠥᠷᠥᠯ ᠤᠨ ᠠᠵᠢᠯᠯᠠᠭᠠᠨ ᠤ | ᠬᠥᠭᠵᠢᠯᠲᠡ ᠶᠢᠨ ᠳᠤᠮᠳᠠᠬᠢ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ︵ᠬᠤᠷᠢᠨ ᠨᠢᠭᠡ︶ ᠠᠵᠤ ᠦᠢᠯᠡᠳᠪᠦᠷᠢ᠂ ᠮᠡᠳᠡᠭᠡ ᠵᠠᠩᠭᠢᠴᠢᠯᠠᠯᠲᠠ ᠶᠢᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠬᠡᠪᠴᠢᠶ᠎ᠡ ᠪᠣᠯᠤᠨ ᠴᠢᠭᠯᠡᠯ᠂ ᠡᠳ᠋ ᠤᠨ ᠵᠠᠰᠠᠭ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ | ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠳᠤᠷᠠᠳᠬᠤ ᠶᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠬᠤᠷᠢᠨ ᠬᠤᠶᠠᠷ︶ ᠪᠦᠬᠦ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠵᠢᠯᠣᠭᠤᠳᠴᠤ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ︵ᠬᠤᠷᠢᠨ ᠭᠤᠷᠪᠡ︶ ᠠᠵᠢᠯ ᠲᠥᠷᠥᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠤᠨ | ᠳᠠᠪᠰᠢᠯᠲᠠ ᠶᠢ ᠵᠢᠯᠣᠭᠤᠳᠴᠤ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠪᠠ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ | ᠳᠤᠷᠠᠳᠤᠨ᠎ᠠ᠃ ᠠᠵᠤ ᠦᠢᠯᠡᠳᠪᠦᠷᠢ ᠶᠢᠨ ᠬᠦᠷᠢᠶ᠎ᠡ ᠴᠠᠷᠠᠭ᠎ᠠ ᠳᠠᠬᠢ ᠠᠵᠢᠯ ᠲᠥᠷᠥᠯ ᠤᠨ ᠬᠠᠮᠢᠶᠠᠷᠤᠯᠲᠠ ᠶᠢ | ᠬᠠᠷᠢᠭᠤᠴᠠᠨ᠎ᠠ᠃ ᠷᠠᠰᠢᠶᠠᠨ ᠬᠤᠲᠠ ᠶᠢᠨ ᠳᠠᠪᠤᠰᠤᠨ ᠤ ᠦᠢᠯᠡᠰ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ | ᠠᠵᠢᠯ ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠨ᠎ᠡ᠃ ᠪᠥᠬᠦ | ᠬᠤᠲᠠ ᠶᠢᠨ ᠠᠷᠠᠳ ᠤᠨ ᠬᠡᠷᠡᠭᠯᠡᠭᠡᠨ ᠳᠠᠬᠢ ᠠᠮᠠᠷᠬᠠᠨ ᠨᠣᠴᠣᠵᠣ ᠲᠡᠯᠪᠡᠷᠡᠬᠦ ᠪᠣᠳᠠᠰ ᠤᠨ ᠠᠶᠤᠯᠭᠦᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠬᠤᠷᠢᠨ ᠳᠥᠷᠪᠡ︶ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢ ᠵᠢᠯᠣᠭᠤᠳᠤᠨ᠎ᠠ᠃ | ᠠᠵᠤ ᠦᠢᠯᠡᠳᠪᠦᠷᠢ ᠶᠢᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠪᠠ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ᠂ ᠪᠣᠬᠢᠷᠳᠣᠯ ᠦᠭᠡᠢ ᠦᠢᠯᠡᠳᠪᠦᠷᠢᠯᠡᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠬᠢᠭᠡᠳ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ | ᠦᠢᠯᠡᠳᠪᠦᠷᠢ ᠶᠢᠨ ᠡᠨᠧᠷᠭᠢ ᠶᠢ ᠠᠷᠪᠢᠯᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠢᠯ ᠢ | ᠵᠢᠯᠣᠭᠤᠳᠴᠤ᠂ ᠬᠠᠮᠢᠶ᠎ᠠ ᠪᠦᠬᠦᠢ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠢᠯ ᠪᠣᠯᠤᠨ ᠰᠢᠨ᠎ᠡ ᠦᠢᠯᠡᠳᠬᠦᠨ | ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ | ᠪᠠᠶᠢᠭᠤᠯᠤᠨ ᠵᠣᠬᠢᠴᠠᠭᠤᠯᠤᠨ᠎ᠠ᠃ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠬᠢᠨᠠᠨ ᠪᠠᠶᠢᠴᠠᠭᠠᠬᠤ ᠠᠵᠢᠯ ᠢ | ᠬᠠᠷᠢᠭᠤᠴᠠᠨ᠎ᠠ᠃ | ︵ᠬᠤᠷᠢᠨ ᠲᠠᠪᠤ︶ ᠠᠵᠤ ᠦᠢᠯᠡᠳᠪᠦᠷᠢ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ | ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ | ᠡᠭᠦᠳᠬᠦ ᠪᠠ ᠦᠢᠯᠡᠳᠪᠦᠷᠢᠯᠡᠬᠦ ᠵᠢᠭᠠᠨ ᠰᠤᠳᠤᠯᠬᠤ ᠬᠡᠷᠡᠭᠯᠡᠬᠦ ᠶᠢ ᠬᠠᠷᠢᠯᠴᠠᠨ ᠤᠶᠠᠯᠳᠤᠭᠤᠯᠬᠤ ᠶᠢ ᠲᠦᠯᠬᠢᠨ | ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠨᠠᠷᠠᠲᠤ | ᠲᠥᠷᠥᠯ ᠲᠡᠮᠳᠡᠭᠲᠦ ᠶᠢ ᠡᠬᠦᠳᠬᠦ ᠶᠢ ᠵᠢᠯᠣᠭᠤᠳᠤᠨ᠎ᠠ᠃ | ︵ᠬᠤᠷᠢᠨ ᠵᠢᠷᠭᠤᠭ᠎ᠠ︶ ᠲᠣᠨᠤᠭ ᠲᠥᠬᠦᠭᠡᠷᠦᠮᠵᠢ ᠣᠶᠢᠯᠡᠳᠬᠦ ᠦᠢᠯᠡᠰ ᠢ ᠵᠣᠬᠢᠶᠠᠨ ᠪᠠᠶᠢᠭᠤᠯᠤᠨ | ᠵᠣᠬᠢᠴᠠᠭᠤᠯᠵᠤ ᠬᠥᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠡᠷᠭᠡᠵᠢᠯ ᠲᠣᠨᠣᠭᠯᠠᠯ ᠤᠨ | ᠬᠥᠭᠵᠢᠯᠲᠡ ᠪᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ | ᠰᠤᠳᠤᠯᠤᠨ ᠲᠣᠭᠲᠠᠭᠠᠵᠤ᠂ ᠮᠡᠷᠭᠡᠵᠢᠯ ᠲᠣᠨᠤᠭ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ ᠰᠢᠨ᠎ᠡ ᠶᠢ | ᠡᠭᠦᠳᠬᠦ ᠶᠢ ᠵᠢᠯᠣᠭᠤᠳᠤᠨ᠎ᠠ᠃ ᠬᠥᠩᠭᠡᠨ ᠠᠵᠤ ᠦᠢᠯᠡᠳᠪᠦᠷᠢ᠂ ᠨᠡᠬᠡᠮᠡᠯ᠂ ᠢᠳᠡᠭᠡᠨ᠂ ᠡᠮ ᠡᠮᠨᠡᠯᠭᠡ ᠵᠡᠷᠭᠡ | ᠬᠡᠷᠡᠭᠯᠡᠭᠡᠨ ᠤ ᠵᠣᠶᠢᠯᠡᠰ ᠤᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ | ᠡᠭᠦᠷᠭᠡᠯᠡᠵᠦ᠂ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ | ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠴᠡᠷᠢᠭ ᠠᠷᠠᠳ ᠤᠨ ᠤᠶᠠᠯᠳᠤᠨ ᠶᠡᠷᠦᠩᠬᠡᠶᠢᠯᠡᠨ | ᠵᠣᠬᠢᠴᠠᠭᠤᠯᠬᠤ ᠠᠵᠢᠯ ᠢ ᠬᠠᠷᠢᠭᠤᠴᠠᠨ᠎ᠠ᠃ | ︵ᠬᠤᠷᠢᠨ ᠳᠣᠯᠤᠭ᠎ᠠ︶ ᠠᠵᠤ ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠭᠢᠵᠢᠯᠲᠠ ᠶᠢᠨ ᠠᠵᠢᠯ ᠢ | ᠬᠠᠷᠢᠭᠤᠴᠠᠨ᠎ᠠ᠃ ᠮᠡᠳᠡᠭᠡ ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢᠨ ᠠᠭᠤᠰᠣᠯᠴᠠᠨ ᠬᠦᠭᠵᠢᠬᠦ ᠶᠢ | ᠠᠬᠢᠭᠤᠯᠤᠨ᠎ᠠ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠵᠥᠭᠡᠯᠡᠨ ᠲᠤᠨᠤᠭ ᠤᠨ ᠦᠢᠯᠡᠰ᠂ ᠮᠡᠳᠡᠭᠡ | ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠠᠵᠤ ᠣᠶᠢᠯᠡᠳᠪᠦᠷᠢ ᠶᠢᠨ | ᠡᠵᠡᠮᠰᠢᠯ ᠤᠨ ᠰᠢᠰᠲ᠋ᠧᠮ ᠤᠨ ᠲᠤᠤᠷ ᠰᠦ᠋ᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠷᠢᠭᠤᠴᠠᠨ᠎ᠠ᠃ | ᠴᠢᠮᠡᠭᠡ ᠬᠤᠯᠪᠣᠭᠠᠨ ᠤ ᠰᠦᠯᠵᠢᠶᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ | | ︵ᠬᠤᠷᠢᠨ ᠨᠠᠢᠮᠡ︶ ᠳᠤᠮᠳᠠ ᠵᠢᠵᠢᠭ ᠠᠵᠤ ᠠᠬᠤᠶᠢᠯᠠᠯ ᠬᠢᠭᠡᠳ ᠨᠡᠶᠢᠲᠡ ᠶᠢᠨ ᠥᠮᠴᠢᠯᠡᠯ ᠤᠨ ᠪᠤᠰᠤ ᠠᠵᠤ | ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢ ᠵᠢᠯᠣᠭᠤᠳᠬᠤ᠂ ᠶᠡᠷᠦᠩᠬᠡᠶᠢᠯᠡᠨ ᠵᠣᠬᠢᠴᠠᠭᠤᠯᠬᠤ ᠪᠠ | ᠦᠢᠯᠡᠴᠢᠯᠡᠬᠦ ᠶᠢ ᠬᠠᠷᠢᠭᠤᠴᠠᠨ᠎ᠠ᠃ ᠳᠤᠮᠳᠠ ᠵᠢᠵᠢᠭ ᠠᠵᠤ ᠠᠬᠤᠶᠢᠯᠠᠯ ᠪᠣᠯᠤᠨ ᠨᠡᠶᠢᠲᠡ ᠶᠢᠨ ᠥᠮᠴᠢᠯᠡᠯ ᠤᠨ ᠪᠤᠰᠤ | ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ | ᠪᠣᠯᠤᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠳᠤᠮᠳᠠ ᠪᠠᠭ᠎ᠠ ᠠᠵᠤ ᠠᠬᠤᠶᠢᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠣᠨ᠎ᠠ᠃ | ︵ᠬᠤᠷᠢ ᠶᠢᠰᠦ︶ ᠪᠥᠬᠦ ᠬᠤᠲᠠ ᠶᠢᠨ ᠡᠨᠧᠷᠭᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ | ᠡᠨᠧᠷᠭᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ᠂ ᠥᠭᠡᠷᠡᠴᠢᠯᠡᠯᠲᠡ ᠶᠢᠨ ᠲᠥᠰᠦᠯ ᠪᠠ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠡᠨᠧᠷᠭᠢ ᠶᠢᠨ ᠬᠥᠭᠵᠢᠯᠲᠡ ᠶᠢᠨ | ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ ᠭᠤᠴᠢ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ |