ᠷᠡᠰᠢᠶᠠᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2024/7/18
     ᠭᠤᠤᠯ ᠡᠭᠦᠷᠭᠡ ᠬᠠᠷᠢᠭᠤᠴᠠᠯᠭ᠎ᠠ᠄ ᠨᠠᠮ ᠪᠠ ᠤᠯᠤᠰ ᠤᠨ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠣ ‍ᠭᠤᠰᠢᠯᠠᠭᠤᠯᠤᠨ ᠬᠡᠷᠡᠭᠵᠢᠭᠦᠯᠦᠨ᠎ᠡ︔ ᠪᠦᠬᠦ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠣᠨ ᠤ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠪᠦᠬᠦ ᠬᠤᠲᠠ ᠶᠢᠨ ᠳᠤᠮᠳᠠ ᠵᠡᠷᠭᠡ ᠶᠢᠨ ᠪᠠ ᠵᠢᠴᠢ ᠲᠡᠭᠦᠨ ᠠᠴᠠ ᠳᠣᠷᠣᠭᠰᠢᠬᠢ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠵᠢᠯᠣᠭᠤᠳᠤᠨ᠎ᠠ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠤᠨ᠎ᠠ︔ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠠᠵᠢᠯ ᠢ ᠥᠨᠳᠥᠷ ᠬᠢᠷᠢ ᠲᠦᠪᠰᠢᠨ ᠢᠶᠠᠷ ᠴᠢᠨᠠᠷ ᠰᠠᠶᠢᠲᠠᠢ ᠲᠦᠭᠡᠮᠡᠯᠵᠢᠭᠦᠯᠦᠨ᠎ᠡ︔ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠬᠡᠦᠬᠡᠳ ᠤᠨ ᠰᠤᠷᠭᠠᠨ ᠬᠥᠮᠦᠵᠢᠯ᠂ ᠦᠨᠳᠦᠰᠦᠲᠡᠨ ᠤ ᠰᠠᠭᠤᠷᠢ ᠰᠤᠷᠭᠠᠨ ᠬᠥᠮᠦᠵᠢᠯ ᠪᠠ ᠠᠷᠠᠳ ᠠᠴᠠ ᠡᠷᠬᠢᠯᠡᠭᠰᠡᠨ ᠰᠠᠭᠤᠷᠢ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ︔ ᠳᠤᠮᠳᠠᠳᠤ ᠪᠠᠭ᠎ᠠ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠪᠠ ᠠᠮᠤᠷ ᠲᠦᠪᠰᠢᠨ ᠤ ᠬᠠᠮᠢᠶᠠᠷᠤᠯᠲᠠ ᠶᠢ ᠵᠢᠯᠣᠭᠤᠳᠴᠤ᠂ ᠬᠡᠪ ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ︔ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠠᠵᠢᠯ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠤᠨ ᠰᠤᠷᠭᠠᠨ ᠬᠥᠮᠦᠵᠢᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ᠃
 
ᠢᠷᠡᠯᠲᠡ᠄ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号