ᠷᠠᠰᠢᠶᠠᠨ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯ ᠷᠠᠰᠢᠶᠠᠨ | ᠬᠤᠳᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠵᠢᠩᠬᠢᠨᠢ ᠰᠠᠯᠠᠭᠠᠨ ᠲᠡᠰ ᠤᠨ | ᠪᠠᠶᠢᠭᠤᠯᠭ᠎ᠠ ᠪᠠᠶᠢᠵᠣ᠂ ᠷᠠᠰᠢᠶᠠᠨ ᠬᠤᠳᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠶᠢᠨ | ᠫᠠᠶᠢᠰᠠ ᠶᠢ ᠨᠡᠮᠡᠵᠦ ᠡᠯᠭᠦᠨ᠎ᠡ᠃ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠤᠣᠯ ᠲᠤᠰᠢᠶᠠᠯ | ᠬᠠᠷᠢᠭᠤᠴᠠᠯᠭ᠎ᠠ ᠪᠣᠯ᠄ | ︵ᠨᠢᠭᠡ︶ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ | ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ | ᠪᠠ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠣᠯᠳᠡ ᠶᠢ ᠲᠣᠭᠤᠰᠢᠯᠠᠭᠤᠯᠣᠨ | ᠨᠠᠶᠢᠳᠡᠪᠣᠷᠢᠵᠢᠭᠤᠯᠬᠤ ᠶᠢ ᠬᠠᠷᠢᠭᠤᠴᠠᠨ᠎ᠠ︔ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ | ᠪᠣᠳᠣᠯᠭ᠎ᠠ᠂ ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠪᠠ ᠪᠠᠷᠢᠮᠵᠢᠶᠠᠵᠢᠭᠤᠯᠬᠤ ᠪᠠᠶᠢᠯᠳᠤᠬᠤ | ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠠᠯ᠎ᠠ ᠪᠠᠷ ᠬᠢ ᠬᠤᠯᠪᠣᠭᠳᠠᠯ ᠪᠥᠬᠦᠶ ᠠᠵᠢᠯ ᠤᠨ ᠲᠥᠯᠥᠪᠵᠢᠭᠦᠯᠭᠡ ᠶᠢ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠲᠦᠷᠢᠮᠵᠢᠬᠦᠯᠦᠨ ᠬᠠᠮᠠᠭᠠᠯᠠᠵᠤ᠂ ᠦᠨᠡᠨᠴᠢ ᠢᠲᠡᠭᠡᠮᠵᠢᠲᠡᠶ ᠪᠠᠶᠢᠬᠤ᠂ ᠭᠤᠣᠯᠴᠢ ᠪᠠᠷ ᠥᠷᠢᠰᠥᠯᠳᠦᠬᠦ ᠵᠠᠬ᠎ᠠ | ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ | ︵ᠬᠤᠶᠠᠷ︶ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠨᠢᠭᠡᠳᠦᠯᠲᠡᠶ ᠪᠦᠷᠢᠳᠬᠡᠨ ᠳᠠᠩᠰᠠᠯᠠᠬᠤ ᠶᠢ | ᠬᠠᠷᠢᠭᠤᠴᠠᠨ᠎ᠠ᠃ ᠪᠥᠬᠦ ᠬᠤᠲᠠ ᠶᠢᠨ ᠡᠯ᠎ᠡ ᠲᠥᠷᠥᠯ ᠤᠨ ᠠᠵᠤ ᠠᠬᠤᠶᠢᠯᠠᠯ᠂ ᠮᠠᠯᠴᠢᠨ ᠲᠠᠷᠢᠶᠠᠴᠢᠨ ᠤ ᠲᠤᠰᠬᠠᠶ | ᠬᠤᠷᠰᠢᠶ᠎ᠠ ᠪᠠ ᠡᠵᠡᠩᠨᠡᠯᠲᠡ ᠶᠢᠨ ᠠᠵᠢᠯᠯᠠᠭ᠎ᠠ ᠡᠷᠭᠢᠯᠡᠵᠦ ᠪᠠᠶᠢᠭ᠎ᠠ ᠨᠢᠭᠡᠴᠡ᠂ ᠬᠤᠪᠢ ᠶᠢᠨ ᠠᠵᠤ ᠣᠶᠢᠯᠡᠳᠪᠦᠷᠢ | ᠬᠤᠳᠠᠯᠳᠤᠭᠠᠨ ᠤ ᠡᠷᠦᠬᠡ ᠵᠢᠴᠢ ᠡᠷᠬᠡ ᠣᠯᠭᠤᠭᠰᠠᠨ ᠬᠡᠪᠴᠢᠶᠡᠨ ᠳᠠᠬᠢ ᠭᠠᠳᠠᠭᠠᠳᠤ ︵ᠭᠠᠵᠠᠷ ᠣᠷᠣᠨ︶ ᠶᠢᠨ ᠠᠵᠤ | ᠠᠬᠤᠶᠢᠯᠠᠯ ᠤᠨ ᠪᠠᠶᠢᠩᠭᠤ ᠰᠠᠭᠤᠭ᠎ᠠ ᠲᠥᠯᠥᠭᠡᠯᠡᠭᠴᠢ ᠪᠠᠶᠢᠭᠤᠯᠤᠮᠵᠢ ᠵᠡᠷᠭᠡ ᠵᠠᠬ᠎ᠠ ᠳᠡᠯᠭᠡᠭᠦᠷ ᠤᠨ ᠭᠤᠤᠯ | ᠴᠣᠭᠴᠠ ᠶᠢ ᠪᠦᠷᠢᠳᠬᠡᠨ ᠳᠠᠩᠰᠠᠯᠠᠬᠤ ᠠᠵᠢᠯ ᠢ ᠵᠢᠯᠣᠭᠤᠳᠤᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠵᠤ᠂ ᠬᠤᠯᠪᠣᠭᠳᠠᠯ ᠪᠥᠬᠦᠶ | ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠨᠡᠶᠢᠲᠡᠯᠡᠬᠦ ᠪᠠ ᠬᠠᠮᠲᠤᠪᠠᠷ ᠭᠥᠷᠳᠡᠵᠦ᠂ ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠰᠢᠰᠲ᠋ᠧᠮ ᠤᠨ | ᠪᠠᠶᠢᠭᠤᠯᠤᠯᠲᠠ ᠶᠢ ᠠᠬᠢᠭᠤᠯᠤᠨ᠎ᠠ᠃ | ︵ᠭᠤᠷᠪᠠ︶ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠬᠢᠨᠠᠠ ᠬᠠᠮᠢᠶᠠᠷᠣᠯᠳᠡ ᠶᠢ ᠬᠠᠷᠢᠭᠤᠴᠠᠨ᠎ᠠ᠃ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠲᠦᠷᠢᠮᠵᠢᠬᠦᠯᠦᠨ ᠬᠠᠮᠠᠭᠠᠯᠠᠵᠤ᠂ ᠵᠠᠬ᠎ᠠ ᠳᠡᠯᠭᠡᠭᠦᠷ ᠤᠨ ᠠᠷᠠᠯᠵᠢᠶ᠎ᠠ᠂ ᠰᠦᠯᠵᠢᠶᠡᠨ ᠤ | ᠲᠠᠸᠠᠷ ᠤᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠦᠢᠯᠡᠴᠢᠯᠡᠭᠡᠨ ᠤ ᠠᠵᠢᠯᠯᠠᠭ᠎ᠠ ᠶᠢ ᠬᠠᠤᠯᠢ ᠶᠣᠰᠣᠭᠠᠷ ᠬᠢᠨᠠᠵᠤ | ᠬᠠᠮᠢᠶᠠᠷᠤᠨ᠎ᠠ᠃ ᠦᠨ᠎ᠡ ᠬᠠᠩᠰᠢ ᠰᠣᠶᠢᠳᠬᠡᠯ ᠬᠤᠷᠢᠶᠠᠯᠳᠡ ᠨᠢ ᠬᠠᠤᠯᠢ ᠲᠣᠭᠲᠠᠭᠠᠯ ᠠᠴᠠ ᠵᠦᠷᠢᠴᠡᠵᠦ᠂ ᠵᠦᠶ | ᠪᠤᠰᠤ ᠦᠷᠢᠰᠦᠯᠳᠦᠬᠡᠨ᠂ ᠬᠠᠤᠯᠢ ᠪᠤᠰᠤ ᠰᠢᠭᠤᠳ ᠪᠤᠷᠤᠯᠭᠤᠯᠭᠠ᠂ ᠳᠠᠮᠵᠢᠭᠤᠯᠤᠨ ᠪᠤᠷᠤᠯᠠᠭᠤᠯᠭ᠎ᠠ᠂ ᠲᠠᠸᠠᠷ ᠤᠨ | ᠲᠡᠮᠳᠡᠭ ᠤᠨ ᠲᠤᠰᠬᠠᠶ ᠠᠰᠢᠭ ᠤᠨ ᠮᠡᠳᠡᠯᠭᠡ ᠶᠢᠨ ᠦᠮᠴᠢᠯᠡᠯ ᠤᠨ ᠡᠷᠬᠡ ᠳᠤ ᠬᠠᠯᠳᠠᠭᠰᠠᠨ ᠪᠠ ᠬᠤᠳᠠᠯ ᠬᠠᠭᠤᠷᠮᠠᠭ | ᠴᠢᠨᠠᠷ ᠮᠠᠭᠤᠳᠡᠢ ᠣᠶᠢᠯᠡᠳᠬᠦᠨ ᠢ ᠪᠣᠷᠣᠯᠠᠭᠤᠯᠤᠭᠰᠠᠨ ᠣᠶᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠯᠳᠠ ᠲᠠᠢ ᠪᠠᠷ | ᠵᠢᠯᠣᠭᠤᠳᠴᠣ ᠪᠠᠶᠢᠭᠠᠳ ᠪᠠᠶᠢᠴᠠᠭᠠᠨ ᠰᠢᠢᠳᠪᠦᠷᠢᠯᠡᠨ᠎ᠡ᠃ ᠵᠠᠷ ᠤᠨ ᠦᠢᠯᠡᠰ ᠤᠨ ᠬᠥᠭᠵᠢᠯᠲᠡ ᠶᠢ ᠵᠢᠯᠣᠭᠤᠳᠴᠤ᠂ | ᠵᠠᠷ ᠤᠨ ᠠᠵᠢᠯᠯᠠᠭ᠎ᠠ ᠶᠢ ᠬᠢᠨᠠᠵᠤ ᠬᠠᠮᠢᠶᠠᠷᠤᠨ᠎ᠠ᠃ ᠦᠨᠡᠮᠯᠡᠯ ᠥᠬᠡᠶ ᠪᠠᠷ ᠣᠶᠢᠯᠡᠳᠪᠦᠷᠢᠯᠡᠵᠦ ᠡᠵᠡᠩᠨᠡᠬᠦ ᠪᠠ ᠬᠠᠮᠢᠶ᠎ᠠ | ᠪᠥᠬᠦᠶ ᠦᠨᠡᠮᠯᠡᠯ ᠥᠬᠡᠶ ᠪᠠᠷ ᠣᠶᠢᠯᠡᠳᠪᠦᠷᠢᠯᠡᠵᠦ ᠡᠵᠡᠩᠨᠡᠬᠦ ᠣᠶᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ | ᠵᠢᠯᠣᠭᠤᠳᠤᠨ᠎ᠠ᠃ ᠷᠠᠰᠢᠶᠠᠨ ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠶᠢ ᠵᠢᠯᠣᠭᠤᠳᠴᠣ ᠪᠠᠶᠢᠭᠠᠳ | ᠬᠡᠷᠡᠭᠯᠡᠭᠴᠢᠳ ᠤᠨ ᠡᠷᠬᠡ ᠶᠢ ᠬᠠᠮᠠᠭᠠᠯᠠᠬᠤ ᠠᠵᠢᠯ ᠢ ᠥᠷᠨᠢᠭᠦᠯᠣᠨ᠎ᠠ᠃ | ︵ᠳᠥᠷᠪᠡ︶ ᠬᠤᠷᠸ᠎ᠠ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠲᠠ ᠶᠢᠨ ᠶᠠᠰᠤ | ᠴᠢᠨᠠᠷ ᠤᠨ ᠬᠥᠭᠵᠢᠯᠲᠡ ᠶᠢᠨ ᠲᠦᠷᠢᠮ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ | ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠠᠷᠢᠭᠤᠴᠠᠨ ᠠᠬᠢᠭᠤᠯᠤᠨ᠎ᠠ᠃ | ᠶᠠᠰᠤ ᠴᠢᠨᠠᠷ ᠤᠨ ᠰᠠᠭᠤᠷᠢ ᠲᠦᠬᠦᠭᠡᠷᠣᠮᠵᠢ ᠶᠢᠨ ᠪᠥᠲᠥᠭᠡᠨ ᠪᠠᠶᠢᠭᠤᠯᠤᠯᠲᠠ ᠬᠢᠭᠡᠳ ᠬᠡᠷᠡᠭᠯᠡᠯᠲᠡ ᠶᠢ ᠨᠢᠭᠡᠳᠦᠯᠲᠡᠶ | ᠲᠥᠯᠥᠪᠯᠡᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠵᠤ ᠴᠢᠬᠤᠯᠠ ᠶᠡᠭᠡ ᠪᠠᠷᠢᠯᠭ᠎ᠠ ᠶᠢᠨ | ᠲᠥᠬᠦᠭᠡᠷᠦᠮᠵᠢ ᠶᠢᠨ ᠶᠠᠰᠤ ᠴᠢᠨᠠᠷ ᠤᠨ ᠬᠢᠨᠠᠨ ᠬᠠᠮᠢᠶᠠᠷᠬᠤ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠡᠩ ᠤᠨ ᠶᠠᠰᠤ ᠴᠢᠨᠠᠷ ᠤᠨ ᠡ᠊ᠨᠳᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠂ ᠵᠠᠷᠡᠮᠳᠡᠭ ᠪᠦᠳᠣᠭᠡᠭᠳᠡᠬᠦᠨ ᠢ | ᠡᠭᠡᠭᠦᠯᠦᠨ ᠠᠪᠴᠢᠷᠠᠬᠤ ᠲᠦᠷᠢᠮ ᠢ ᠪᠠᠶᠢᠭᠤᠯᠬᠤ ᠶᠢᠨ ᠬᠠᠮᠲᠤ ᠨᠢᠭᠡᠳᠦᠯᠲᠡᠶ ᠬᠡᠷᠡᠭᠵᠢᠭᠦᠯᠵᠦ᠂ ᠬᠤᠳᠠᠯ ᠬᠠᠭᠤᠷᠮᠠᠭ | ᠪᠦᠳᠦᠭᠡᠭᠳᠡᠬᠦᠨ ᠢ ᠰᠡᠷᠭᠡᠶᠢᠯᠡᠬᠦ ᠠᠵᠢᠯ ᠢ ᠬᠢᠨᠠᠨ ᠬᠠᠮᠢᠶᠠᠷᠤᠨ᠎ᠠ᠃ | ︵ᠲᠠᠪᠤ︶ ᠪᠥᠬᠦ ᠬᠤᠲᠠ ᠶᠢᠨ ᠭᠡᠷᠡᠴᠢᠯᠡᠵᠦ ᠵᠥᠪᠰᠢᠶᠡᠷᠡᠬᠦ ᠠᠵᠢᠯ ᠢ ᠨᠢᠭᠡᠳᠦᠯᠲᠡᠶ ᠬᠠᠮᠢᠶᠠᠷᠬᠤ᠂ ᠬᠢᠨᠠᠯᠲᠠ | ᠲᠠᠯᠪᠢᠬᠤ ᠪᠠ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠠᠨ | ᠳᠤ ᠭᠡᠷᠡᠴᠢᠯᠡᠵᠦ ᠵᠥᠪᠰᠢᠶᠡᠷᠡᠬᠦ ᠪᠠ ᠬᠢᠷᠢ ᠲᠡᠩᠴᠡᠬᠦ ᠶᠢ ᠦᠨᠡᠯᠡᠨ ᠲᠣᠭᠲᠠᠭᠠᠬᠤ ᠠᠵᠢᠯ ᠳᠤ ᠬᠢᠨᠠᠠ ᠬᠠᠮᠢᠶᠠᠷᠬᠤ | ᠵᠡᠷᠭᠡ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃ | ︵ᠵᠢᠷᠭᠤᠭ᠎ᠠ︶ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠵᠢᠯ ᠢ ᠨᠢᠭᠡᠳᠦᠯᠲᠡᠶ ᠬᠠᠮᠢᠶᠠᠷᠬᠤ ᠶᠢ | ᠬᠠᠷᠢᠭᠤᠴᠠᠨ᠎ᠠ᠃ ᠪᠥᠬᠦ ᠬᠤᠲᠠ ᠶᠢᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠠᠬᠢᠭᠤᠯᠵᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠵᠠᠬ᠎ᠠ ᠳᠡᠯᠭᠡᠭᠦᠷ ᠢ ᠲᠦᠷᠢᠮᠵᠢᠬᠦᠯᠣᠨ | ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠣᠨ᠂ ᠰᠢᠯᠭᠠᠨ ᠪᠠᠶᠢᠴᠠᠭᠠᠵᠤ ᠪᠠᠶᠢᠴᠠᠭᠠᠨ | ᠬᠡᠮᠵᠢᠬᠦ ᠠᠵᠢᠯ ᠲᠥᠷᠥᠯ ᠤᠨ ᠬᠥᠭᠵᠢᠯᠲᠡ ᠶᠢ ᠵᠢᠯᠣᠭᠤᠳᠤᠨ ᠵᠣᠬᠢᠴᠠᠭᠤᠯᠤᠨ᠎ᠠ᠃ | ︵ᠲᠤᠯᠤᠭ᠎ᠠ︶ ᠬᠡᠮᠵᠢᠯᠲᠡ ᠶᠢᠨ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ ᠤᠯᠤᠰ ᠤᠨ | ᠬᠡᠮᠵᠢᠯᠲᠡ ᠶᠢᠨ ᠲᠦᠷᠢᠮ ᠢ ᠨᠠᠶᠢᠳᠠᠪᠤᠷᠢᠵᠢᠭᠤᠯᠵᠤ᠂ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠡ ᠶᠢ | ᠬᠡᠷᠡᠭᠵᠢᠭᠦᠯᠦᠨ᠂ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠬᠡᠮᠵᠢᠶ᠎ᠡ ᠶᠢ ᠳᠠᠮᠵᠢᠭᠤᠯᠬᠤ ᠪᠠ ᠬᠠᠷᠢᠴᠠᠭᠤᠯᠬᠤ ᠠᠵᠢᠯ ᠢ | ᠬᠠᠮᠢᠶᠠᠷᠤᠨ᠎ᠠ᠃ ᠲᠠᠸᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ ᠲᠦᠷᠢᠮᠵᠢᠬᠦᠯᠵᠣ᠂ | ᠲᠡᠭᠦᠨ ᠳᠤ ᠬᠢᠨᠠᠯᠲᠠ ᠲᠠᠯᠪᠢᠨ᠎ᠠ᠃ | ︵ᠨᠠᠢᠮᠠ︶ ᠪᠥᠬᠦ ᠬᠤᠲᠠ ᠶᠢᠨ ᠪᠠᠷᠢᠮᠵᠢᠶᠠᠵᠢᠭᠤᠯᠤᠯᠲᠠ ᠶᠢᠨ ᠠᠵᠢᠯ ᠢ ᠨᠢᠭᠡᠳᠦᠯᠲᠡᠶ ᠬᠠᠮᠢᠶᠠᠷᠬᠤ ᠪᠠ | ᠵᠢᠯᠣᠭᠤᠳᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠤᠯᠤᠰ ᠤᠨ ᠪᠠᠷᠢᠮᠵᠢᠶ᠎ᠠ᠂ | ᠠᠵᠢᠯ ᠲᠦᠷᠦᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠶᠢᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠨᠡᠶᠢᠳᠡ ᠶᠢᠨ ᠪᠠᠷᠢᠮᠵᠢᠶ᠎ᠠ᠂ ᠠᠵᠤ ᠠᠬᠤᠶᠢᠯᠠᠯ ᠤᠨ | ᠪᠠᠷᠢᠮᠵᠢᠶ᠎ᠠ ᠶᠢ ᠲᠣᠭᠲᠠᠭᠠᠬᠤ ᠠᠵᠢᠯ ᠢ ᠬᠠᠤᠯᠢ ᠶᠣᠰᠣᠭᠠᠷ ᠵᠣᠬᠢᠴᠠᠭᠤᠯᠤᠨ ᠵᠢᠯᠣᠭᠤᠳᠬᠤ ᠪᠠ ᠲᠡᠭᠦᠨ ᠳᠤ ᠬᠢᠨᠠᠯᠲᠠ | ᠲᠠᠯᠪᠢᠨ᠎ᠠ᠃ | ︵ᠶᠢᠰᠦ︶ ᠣᠨᠴᠠ ᠲᠥᠷᠥᠯ ᠤᠨ ᠲᠤᠨᠤᠭ ᠲᠥᠬᠦᠭᠡᠷᠦᠮᠵᠢ ᠶᠢᠨ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠶᠤᠯᠬᠦᠢ ᠶᠢ ᠬᠢᠨᠠᠨ ᠪᠠᠶᠢᠴᠠᠭᠠᠬᠤ᠂ | ᠬᠢᠨᠠᠯᠲᠠ ᠲᠠᠯᠪᠢᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠡᠨᠧᠷᠭᠢ ᠶᠢᠨ ᠬᠤᠷᠣᠭᠳᠠᠯ ᠶᠡᠬᠡᠲᠡᠶ ᠣᠨᠴᠠ | ᠲᠥᠷᠥᠯ ᠤᠨ ᠲᠣᠨᠤᠭ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠪᠣᠯᠤᠨ ᠭᠦᠸᠧᠯᠦ ᠰᠢᠳᠡᠭᠠᠯᠠᠭᠠ ᠶᠢᠨ | ᠣᠷᠴᠢᠨ ᠲᠣᠭᠤᠷᠢᠨ ᠢ ᠬᠠᠮᠠᠭᠠᠯᠠᠬᠤ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠨ᠎ᠠ᠃ | ︵ᠠᠷᠪᠠ︶ ᠦᠢᠯᠡᠳᠬᠦᠨ ᠤ ᠶᠠᠰᠤ ᠴᠢᠨᠠᠷ ᠤᠨ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ᠦᠢᠯᠡᠳᠬᠦᠨ ᠤ ᠶᠠᠰᠤ ᠴᠢᠨᠠᠷ ᠤᠨ ᠠᠶᠤᠯᠬᠦᠢ ᠶᠢᠨ ᠲᠦᠭᠰᠢᠭᠦᠷᠢ ᠶᠢ ᠬᠢᠨᠠᠨ ᠡᠵᠡᠮᠳᠡᠬᠦ᠂ ᠬᠢᠨᠠᠯᠲᠠ ᠲᠠᠯᠪᠢᠵᠤ | ᠰᠤᠭᠤᠴᠢᠨ ᠪᠠᠶᠢᠴᠠᠭᠠᠬᠤ ᠠᠵᠢᠯ ᠪᠣᠯᠤᠨ ᠬᠢᠷᠢ ᠲᠡᠩᠴᠡᠬᠦ ᠥᠭᠡᠢ ᠦᠢᠯᠡᠳᠬᠦᠨ ᠢ ᠬᠤᠵᠢᠳ ᠰᠢᠢᠳᠪᠦᠷᠢᠯᠡᠬᠦ ᠠᠵᠢᠯ | ᠢ ᠬᠠᠮᠢᠶᠠᠷᠴᠤ᠂ ᠦᠢᠯᠡᠳᠬᠦᠨ ᠤ ᠶᠠᠰᠤ ᠴᠢᠨᠠᠷ ᠤᠨ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠᠶᠢᠭᠤᠯᠤᠮᠵᠢ | ᠬᠢᠭᠡᠳ ᠬᠥᠨᠳᠡᠯᠡᠨ ᠠᠴᠠ ᠲᠠᠰᠤᠯᠬᠤ ᠰᠢᠯᠭᠠᠨ ᠪᠠᠶᠢᠴᠠᠭᠠᠬᠤ ᠪᠠ ᠬᠢᠨᠠᠨ ᠲᠣᠭᠲᠠᠭᠠᠬᠤ ᠠᠵᠢᠯ ᠢ ᠬᠢᠨᠠᠨ ᠬᠠᠮᠢᠶᠠᠷᠬᠤ | ᠬᠡᠷᠡᠭᠲᠡᠶ᠃ ᠪᠥᠬᠦ ᠬᠤᠲᠠ ᠶᠢᠨ ᠣᠶᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ | ᠲᠥᠯᠥᠪᠯᠡᠭᠡ ᠶᠢ ᠨᠢᠭᠡᠳᠦᠯᠲᠡᠶ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠶᠠᠰᠤ ᠴᠢᠨᠠᠷ ᠤᠨ ᠲᠠᠰ ᠬᠤᠪᠢᠶᠠᠬᠤ ᠲᠦᠷᠢᠮ᠂ ᠶᠠᠰᠤ ᠴᠢᠨᠠᠷ ᠤᠨ ᠠᠮᠤᠷ ᠲᠦᠪᠰᠢᠨ ᠤ ᠨᠡᠬᠡᠮᠵᠢᠯᠡᠬᠦ ᠲᠦᠷᠢᠮ ᠢ | ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠦᠢᠯᠡᠳᠬᠦᠨ ᠤ | ᠦᠢᠯᠡᠳᠪᠦᠷᠢᠯᠡᠯ ᠤᠨ ᠵᠥᠪᠰᠢᠶᠡᠷᠡᠯ ᠤᠨ ᠬᠠᠮᠢᠶᠠᠷᠤᠯᠲᠠ ᠪᠠ ᠰᠢᠷᠬᠡᠭᠯᠢᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ | ᠠᠵᠢᠯ ᠢ ᠬᠠᠷᠢᠭᠤᠴᠠᠨ᠎ᠠ᠃ | ︵ᠠᠷᠪᠠᠨ ᠨᠢᠭᠡ︶ ᠢᠳᠡᠭᠡᠨ ᠤ ᠠᠶᠣᠯᠬᠦᠢ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠨ | ᠵᠣᠬᠢᠴᠠᠭᠤᠯᠬᠤ ᠶᠢ ᠬᠠᠷᠢᠭᠤᠴᠠᠨ᠎ᠠ᠃ ᠪᠥᠬᠦ ᠬᠤᠲᠠ ᠶᠢᠨ ᠢᠳᠡᠭᠡᠨ ᠤ ᠠᠮᠤᠷ ᠲᠦᠪᠰᠢᠨ ᠤ ᠭᠠᠵᠠᠷ ᠣᠷᠣᠨ ᠪᠡ | ᠰᠠᠯᠠᠭ᠎ᠠ ᠮᠥᠴᠢᠷ ᠠᠯᠤᠰᠯᠠᠨ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠵᠡᠷᠭᠡ ᠠᠵᠢᠯ ᠢ ᠡᠭᠦᠷᠭᠡᠯᠡᠨ᠎ᠡ︔ | ᠢᠳᠡᠭᠡᠨ ᠤ ᠠᠮᠤᠷ ᠲᠦᠪᠰᠢᠨ ᠤ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠣᠨ | ᠨᠠᠶᠢᠳᠡᠪᠣᠷᠢᠵᠢᠭᠤᠯᠣᠨ᠎ᠠ᠃ ᠢᠳᠡᠭᠡᠨ ᠤ ᠠᠶᠣᠯᠬᠦᠢ ᠶᠢᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠤᠨ | ᠪᠠᠶᠢᠭᠤᠯᠤᠯᠲᠠ ᠶᠢ ᠬᠠᠷᠢᠭᠤᠴᠠᠵᠤ᠂ ᠬᠦᠨᠳᠣ ᠶᠡᠭᠡ ᠢᠳᠡᠭᠡᠨ ᠤ ᠠᠶᠣᠯᠬᠦᠢ ᠬᠡᠷᠡᠭ ᠶᠠᠪᠣᠳᠡᠯ ᠤᠨ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ᠢᠳᠡᠭᠡᠨ ᠤ ᠠᠮᠤᠷ ᠲᠦᠪᠰᠢᠨ ᠤ ᠴᠢᠬᠤᠯᠠ ᠮᠡᠳᠡᠭᠡ ᠵᠠᠩᠭᠢ ᠶᠢ ᠰᠢᠭᠤᠳ ᠮᠡᠳᠡᠭᠦᠯᠬᠦ ᠲᠦᠷᠢᠮ ᠢ ᠪᠠᠶᠢᠭᠤᠯᠤᠨ | ᠪᠦᠷᠢᠨᠰᠢᠬᠦᠯᠦᠨ᠎ᠠ᠃ ᠬᠤᠲᠠ ᠶᠢᠨ ᠢᠳᠡᠭᠡᠨ ᠪᠠ ᠡᠮ ᠤᠨ ᠵᠦᠢᠯᠡᠰ ᠤᠨ ᠠᠶᠤᠯᠭᠦᠶ ᠶᠢᠨ ᠵᠥᠪᠯᠡᠯ ᠤᠨ ᠡᠳᠦᠷ | ᠲᠤᠲᠤᠮ ᠤᠨ ᠠᠵᠢᠯ ᠢ ᠲᠠᠭᠠᠭᠠᠴᠢᠯᠠᠨ ᠡᠬᠦᠷᠭᠡᠯᠡᠨ᠎ᠠ᠃ | ︵ᠠᠷᠪᠠᠨ ᠬᠤᠶᠠᠷ︶ ᠢᠳᠡᠭᠡᠨ ᠤ ᠠᠶᠣᠯᠬᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ | ᠬᠤᠲᠠ ᠶᠢᠨ ᠢᠳᠡᠭᠡᠨ ᠤ ᠣᠶᠢᠯᠡᠳᠪᠦᠷᠢᠯᠡᠯ᠂ ᠬᠦᠢᠯᠭᠡᠭᠡ᠂ ᠬᠡᠷᠡᠭᠯᠡᠭᠡ ᠶᠢᠨ ᠪᠥᠬᠦ ᠶᠠᠪᠤᠴᠠ ᠶᠢ ᠬᠠᠮᠤᠷᠤᠭᠰᠠᠨ ᠬᠢᠨᠠᠠ | ᠪᠠᠶᠢᠴᠠᠭᠠᠬᠤ ᠲᠦᠷᠢᠮ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠲᠣᠭᠲᠠᠴᠠ ᠶᠢ ᠪᠠᠶᠢᠭᠤᠯᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ | ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ᠎ᠡ᠃ ᠢᠳᠡᠭᠡᠨ ᠤ ᠦᠢᠯᠡᠳᠪᠦᠷᠢᠯᠡᠭᠴᠢ | ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠬᠤ ᠶᠢ | ᠠᠬᠢᠭᠤᠯᠵᠤ᠂ ᠢᠳᠡᠭᠡᠨ ᠤ ᠠᠮᠤᠷ ᠲᠦᠪᠰᠢᠨ ᠤ ᠨᠡᠬᠡᠮᠵᠢᠯᠡᠬᠦ ᠰᠢᠰᠲ᠋ᠧᠮ ᠢ ᠪᠦᠷᠢᠨᠰᠢᠬᠦᠯᠦᠨ᠎ᠠ᠃ ᠢᠳᠡᠭᠡᠨ ᠤ | ᠠᠶᠣᠯᠬᠦᠢ ᠳᠤ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ᠂ ᠲᠦᠭᠰᠢᠭᠦᠷᠢ ᠶᠢ ᠬᠢᠨᠠᠨ ᠬᠡᠮᠵᠢᠬᠦ᠂ ᠬᠢᠨᠠᠨ | ᠪᠠᠶᠢᠴᠠᠭᠠᠵᠤ ᠰᠢᠢᠳᠪᠦᠷᠢᠯᠡᠬᠦ ᠪᠠ ᠲᠦᠭᠰᠢᠭᠦᠷᠢ ᠶᠢ ᠰᠡᠷᠡᠮᠵᠢᠯᠡᠭᠦᠯᠬᠦ᠂ ᠲᠦᠭᠰᠢᠭᠦᠷᠢ ᠶᠢᠨ ᠰᠣᠯᠢᠯᠴᠠᠭᠠᠨ ᠤ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠣᠨ᠎ᠠ᠃ ᠢᠳᠡᠰᠢᠨ ᠳᠠᠪᠤᠰᠤᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠪᠠ ᠣᠨᠴᠠᠭᠠᠢ ᠢᠳᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ︵ᠠᠷᠪᠠᠨ ᠭᠤᠷᠪᠠ︶ ᠡᠮ ᠤᠨ ᠵᠦᠢᠯᠡᠰ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭ ᠤᠨ ᠡᠳ᠋ ᠤᠨ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ | ᠡᠮ ᠤᠨ ᠵᠦᠢᠯᠡᠰ ︵ᠬᠢᠲᠠᠳ ᠡᠮ᠂ ᠮᠣᠩᠭᠤᠯ ᠡᠮ ᠵᠡᠷᠭᠡ ᠦᠨᠳᠦᠰᠦᠲᠡᠨ ᠤ ᠡᠮ ᠪᠠᠭᠲᠠᠨ᠎ᠠ᠂ ᠳᠣᠷᠣᠭᠰᠢ ᠠᠳᠠᠯᠢ︶ | ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠭᠤᠶᠣᠯᠠᠯ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠲᠤᠬᠠᠶ ᠬᠠᠤᠯᠢ | ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ | ︵ᠠᠷᠪᠠᠨ ᠲᠥᠷᠪᠡ︶ ᠡᠮ ᠤᠨ ᠵᠦᠢᠯᠡᠰ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭ ᠤᠨ | ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠡᠮ ᠤᠨ ᠵᠦᠢᠯᠡᠰ᠂ ᠡᠮᠴᠢᠯᠡᠭᠡᠨ ᠤ ᠪᠠᠭᠠᠵᠢ ᠬᠡᠷᠡᠭᠰᠡᠯ ᠤᠨ | ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠬᠡᠷᠡᠭᠵᠢᠭᠦᠯᠬᠦ ᠲᠤ ᠬᠢᠨᠠᠯᠲᠠ ᠲᠠᠯᠪᠢᠵᠤ᠂ ᠤᠯᠤᠰ ᠤᠨ ᠡᠮ ᠤᠨ | ᠵᠦᠢᠯᠡᠰ ᠤᠨ ᠪᠠᠷᠢᠮᠵᠢᠶ᠎ᠠ ᠪᠣᠯᠤᠨ ᠣᠷᠣᠨ ᠨᠤᠲᠤᠭ ᠤᠨ ᠴᠢᠨᠠᠷᠲᠠᠶ ᠮᠣᠩᠭᠤᠯ ᠬᠢᠲᠠᠳ ᠡᠮ ᠤᠨ ᠪᠠᠷᠢᠮᠵᠢᠶ᠎ᠠ ᠬᠢᠭᠡᠳ | ᠵᠢᠷᠤᠮᠵᠢᠯ ᠢ ᠬᠡᠷᠡᠭᠵᠢᠭᠦᠯᠬᠦ ᠲᠤ ᠬᠢᠨᠠᠯᠲᠠ ᠲᠠᠯᠪᠢᠨ᠎ᠠ᠃ ᠵᠠᠰᠠᠯ ᠴᠢᠮᠡᠭ ᠤᠨ ᠡᠳ᠋ ᠤᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ | ︵ᠠᠷᠪᠠᠨ ᠲᠠᠪᠤ︶ ᠡᠮ ᠤᠨ ᠵᠦᠢᠯᠡᠰ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭ ᠤᠨ ᠡᠳ᠋ | ᠵᠠᠬ᠎ᠠ ᠳᠡᠯᠭᠡᠭᠦᠷ ᠲᠤ ᠭᠠᠷᠤᠭᠰᠠᠨ ᠤ ᠳᠠᠷᠠᠭᠠᠬᠢ ᠲᠦᠭᠰᠢᠭᠦᠷᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠡᠮ ᠤᠨ | ᠵᠦᠢᠯᠡᠰ᠂ ᠵᠠᠰᠠᠯ ᠴᠢᠮᠡᠭ ᠤᠨ ᠡᠳ᠋ ᠤᠨ ᠮᠠᠭᠤ ᠲᠤᠰᠬᠠᠯ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠮᠠᠭᠤ ᠬᠡᠷᠡᠭ ᠢ | ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠮ ᠤᠨ ᠵᠦᠢᠯᠡᠰ᠂ ᠡᠮᠴᠢᠯᠡᠭᠡᠨ ᠤ ᠪᠠᠭᠠᠵᠢ | ᠬᠡᠷᠡᠭᠰᠡᠯ ᠪᠣᠯᠤᠨ ᠵᠠᠰᠠᠯ ᠴᠢᠮᠡᠭ ᠤᠨ ᠡᠳ᠋ ᠤᠨ ᠠᠮᠣᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ | ︵ᠠᠷᠪᠠᠨ ᠵᠢᠷᠭᠤᠭ᠎ᠠ︶ ᠡᠮ ᠤᠨ ᠵᠦᠢᠯᠡᠰ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭ ᠤᠨ | ᠡᠳ᠋ ᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠪᠠᠶᠢᠴᠠᠭᠠᠬᠤ᠂ ᠬᠢᠨᠠᠨ ᠪᠠᠶᠢᠴᠠᠭᠠᠬᠤ᠂ ᠪᠠᠶᠢᠴᠠᠭᠠᠬᠤ | ᠲᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠥᠬᠦ ᠬᠤᠲᠠ ᠶᠢᠨ ᠬᠢᠨᠠᠯᠲᠠ | ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠶᠠᠰᠤ ᠴᠢᠨᠠᠷ ᠤᠨ ᠠᠯᠪᠠᠨ ᠵᠠᠷ ᠨᠡᠶᠢᠲᠡᠯᠡᠨ᠂ ᠬᠠᠤᠯᠢ ᠵᠥᠷᠢᠴᠡᠭᠰᠡᠨ ᠣᠶᠢᠯᠡ ᠠᠵᠢᠯᠯᠠᠭ᠎ᠠ ᠶᠢ | ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠡᠮ ᠤᠨ ᠵᠦᠢᠯᠡᠰ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠢ ᠵᠠᠳᠠᠯᠤᠨ ᠰᠤᠳᠤᠯᠤᠨ ᠮᠠᠭᠠᠳᠯᠠᠵᠤ᠂ ᠣᠷᠣᠰᠢᠵᠤ ᠪᠠᠶᠢᠭ᠎ᠠ | ᠠᠰᠠᠭᠤᠳᠠᠯ ᠳᠤ ᠠᠵᠢᠯ ᠤᠨ ᠰᠠᠨᠠᠭᠤᠯᠭ᠎ᠠ ᠳᠤᠷᠠᠳᠬᠤ ᠶᠢᠨ ᠬᠠᠮᠲᠤ ᠦᠷᠭᠦᠯᠵᠢᠯᠡᠨ ᠰᠢᠢᠳᠪᠦᠷᠢᠯᠡᠬᠦ ᠠᠵᠢᠯ ᠳᠤ | ᠣᠷᠣᠯᠴᠠᠨ᠎ᠠ᠃ ᠡᠮ ᠤᠨ ᠵᠦᠢᠯᠡᠰ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠤᠨ | ᠡᠵᠡᠩᠨᠡᠯᠲᠡ ᠶᠢᠨ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠳᠤ ᠬᠠᠤᠯᠢ ᠶᠣᠰᠣᠴᠢ ᠴᠢᠨᠠᠷ᠂ ᠲᠣᠭᠲᠠᠭᠠᠯ ᠳᠤ | ᠨᠡᠶᠢᠴᠡᠬᠦ ᠴᠢᠨᠠᠷ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠲᠠᠢ ᠵᠣᠯᠭᠠᠭᠤᠯᠬᠤ ᠲᠣᠭᠲᠠᠴᠠ ᠶᠢ ᠠᠬᠢᠭᠤᠯᠣᠨ | ᠲᠡᠬᠦᠯᠳᠡᠷᠵᠢᠬᠦᠯᠣᠨ᠎ᠠ᠃ | ︵ᠠᠷᠪᠠᠨ ᠳᠣᠯᠤᠭ᠎ᠠ︶ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠰᠣᠨᠢᠨ ᠮᠡᠳᠡᠭᠡᠨ ᠤ ᠤᠬᠠᠭᠤᠯᠭ᠎ᠠ ᠶᠢᠨ ᠵᠡᠷᠭᠡ | ᠠᠵᠢᠯ ᠢ ᠬᠠᠷᠢᠭᠤᠴᠠᠨ᠎ᠠ᠃ | ︵ᠠᠷᠪᠠᠨ ᠨᠠᠢᠮᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠪᠥᠬᠦ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ ᠡᠮᠬᠢᠯᠡᠨ | ᠨᠡᠶᠢᠯᠡᠭᠦᠯᠬᠦ ᠪᠠ ᠪᠥᠲᠥᠭᠡᠨ ᠪᠠᠶᠢᠭᠤᠯᠬᠤ ᠶᠢ ᠵᠢᠯᠣᠭᠤᠳᠴᠤ᠂ ᠨᠢᠭᠡᠳᠦᠯᠲᠡᠶ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠡᠷᠬᠡ ᠶᠢᠨ ᠬᠡᠪᠴᠢᠶ᠎ᠡ ᠶᠣᠰᠣᠭᠠᠷ ᠬᠠᠤᠯᠢ ᠠᠴᠠ ᠵᠥᠷᠢᠴᠡᠭᠰᠡᠨ | ᠬᠡᠷᠡᠭ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠲᠦᠷᠢᠮᠵᠢᠬᠦᠯᠣᠨᠠ᠃ | ︵ᠠᠷᠪᠠ ᠶᠢᠰᠦ︶ ᠳᠡᠭᠡᠳᠦ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ ᠬᠡᠷᠡᠭᠵᠢᠭᠦᠯᠣᠯᠳᠡ ᠶᠢᠨ ᠠᠵᠢᠯ ᠢ ᠬᠠᠮᠵᠢᠯᠴᠠᠨ᠎ᠠ᠃ | ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠭᠠᠭᠴᠠᠭᠠᠷ ᠡᠵᠡᠮᠰᠢᠯ ᠢ ᠡᠰᠡᠷᠭᠦᠴᠡᠬᠦ᠂ ᠵᠦᠢ ᠪᠤᠰᠤ | ᠥᠷᠢᠰᠥᠯᠳᠦᠭᠡᠨ᠂ ᠬᠤᠳᠠᠯᠳᠤᠭᠠᠨ ᠤ ᠬᠡᠭᠡᠯᠢ ᠬᠠᠭ᠋ᠤᠤᠯᠢ ᠲᠦᠯᠬᠢᠬᠦ᠂ ᠨᠡᠶᠢᠲᠡ ᠶᠢᠨ ᠬᠡᠷᠡᠭᠯᠡᠭᠡᠨ ᠤ ᠠᠵᠤ ᠠᠬᠤᠶᠢᠯᠠᠯ | ᠪᠤᠶᠤ ᠬᠠᠤᠯᠢ ᠶᠣᠰᠣᠭᠠᠷ ᠭᠠᠭᠴᠠᠭᠠᠷ ᠡᠵᠡᠮᠰᠢᠯ ᠤᠨ ᠪᠠᠶᠢᠷᠢ ᠰᠠᠭᠤᠷᠢ ᠲᠠᠢ ᠪᠤᠰᠤᠳ ᠡᠵᠡᠩᠨᠡᠭᠴᠢ ᠶᠢᠨ | ᠥᠷᠢᠰᠥᠯᠳᠦᠭᠡᠨ ᠢ ᠬᠢᠵᠠᠭᠠᠷᠯᠠᠬᠤ ᠠᠵᠢᠯᠯᠠᠭ᠎ᠠ ᠵᠢᠴᠢ ᠨᠢᠭᠤᠴᠠ ᠪᠠᠷ ᠠᠷᠠᠯᠵᠢᠶᠠᠯᠠᠵᠤ ᠬᠠᠣᠯᠢ ᠪᠣᠰᠣ ᠪᠠᠷ | ᠬᠤᠳᠡᠯᠳᠣᠭᠠᠯᠠᠬᠤ ᠵᠡᠷᠭᠡ ᠠᠵᠤ ᠠᠬᠤᠶ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠨ᠎ᠡ᠃ | ︵ᠬᠤᠷᠢ︶ ᠪᠥᠬᠦ ᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠰᠢᠰᠲ᠋ᠧᠮ ᠤᠨ | ᠪᠠᠶᠢᠭᠤᠯᠤᠯᠲᠠ ᠶᠢᠨ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ | ᠥᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠤᠨ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ | ᠪᠠ ᠮᠡᠳᠡᠭᠡ ᠵᠠᠩᠭᠢ ᠶᠢᠨ ᠪᠥᠬᠦ ᠬᠤᠲᠠ ᠶᠢᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠤᠰᠬᠠᠶ ᠪᠠᠯᠠ ᠮᠥᠩᠭᠦ ᠶᠢ | ᠬᠠᠮᠢᠶᠠᠷᠴᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠤᠪᠢᠷᠠᠭᠤᠯᠬᠤ ᠴᠢᠬᠤᠯᠠ ᠶᠡᠭᠡ ᠲᠥᠷᠥᠯ ᠵᠣᠶᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠮᠡᠳᠡᠯᠭᠡ ᠶᠢᠨ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠬᠠᠤᠯᠢ ᠶᠢ | ᠬᠡᠷᠡᠭᠵᠢᠭᠦᠯᠬᠦ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠮᠠᠷᠭᠤᠯᠳᠤᠭᠠᠨ ᠢ ᠰᠢᠢᠳᠪᠦᠷᠢᠯᠡᠬᠦ᠂ ᠡᠷᠬᠡ ᠪᠠᠨ | ᠬᠠᠮᠠᠭᠠᠯᠠᠵᠤ ᠲᠤᠰᠠᠯᠠᠬᠤ ᠪᠠ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠶᠢ ᠵᠢᠯᠣᠭᠤᠳᠴᠤ᠂ | ᠮᠡᠳᠡᠯᠭᠡ ᠵᠢᠨᠥᠮᠴᠢᠯᠡᠯ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠤᠷᠢᠳᠴᠢᠯᠠᠨ ᠰᠡᠷᠡᠮᠵᠢᠯᠡᠭᠦᠯᠬᠦ ᠵᠡᠷᠭᠡ | ᠠᠵᠢᠯ ᠢ ᠵᠣᠬᠢᠶᠠᠨ ᠪᠠᠶᠢᠭᠤᠯᠣᠨ ᠵᠢᠯᠣᠭᠤᠳᠣᠨ᠎ᠠ᠃ | ︵ᠬᠤᠷᠢᠨ ᠨᠢᠭᠡ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ |