︽ᠠᠮᠢᠳᠤᠷᠠᠯ ᠲᠤ ᠭᠦᠨᠵᠡᠭᠡᠶᠢᠷᠡᠵᠦ ᠠᠷᠠᠳ ᠤᠨ ᠳᠤᠮᠳᠠ ᠦᠨᠳᠦᠰᠦᠯᠡᠬᠦ︾  ᠰᠢᠨ᠎ᠠ ᠴᠠᠭ ᠦᠶ᠎ᠡ ᠶᠢᠨ ᠤᠳᠬ᠎ᠠ ᠵᠣᠬᠢᠶᠠᠯ ᠤᠨ  ᠣᠶᠢᠯᠡᠳᠣᠯᠭᠡ ᠶᠢᠨ ᠴᠡᠭ ᠷᠡᠰᠢᠶᠠᠨ ᠬᠤᠳᠠ ᠳᠤ ᠪᠠᠶᠢᠭᠤᠯᠤᠭᠳᠠᠵᠠᠢ
ᠨᠡᠶᠢᠲᠡᠯᠡᠭᠰᠡᠨ ᠴᠠᠭ᠄
2024/7/19
     7 ᠰᠠᠷ᠎ᠠ ᠶᠢᠨ 12 ᠤᠨ ᠡᠳᠦᠷ᠂ ᠳᠤᠮᠳᠠᠳᠤ ᠤᠯᠤᠰ ᠤᠨ ᠵᠣᠬᠢᠶᠠᠯᠴᠢᠳ ︽ᠠᠮᠢᠳᠤᠷᠠᠯ ᠲᠤ ᠭᠦᠨᠵᠡᠭᠡᠶᠢᠷᠡᠵᠦ᠂ ᠠᠷᠠᠳ ᠤᠨ ᠳᠤᠮᠳᠠ ᠦᠨᠳᠦᠰᠦᠯᠡᠬᠦ︾ ᠰᠢᠨ᠎ᠠ ᠴᠠᠭ ᠦᠶ᠎ᠡ ᠶᠢᠨ ᠤᠳᠬ᠎ᠠ ᠵᠣᠬᠢᠶᠠᠯ ᠤᠨ  ᠣᠶᠢᠯᠡᠳᠣᠯᠭᠡ ᠶᠢᠨ ᠴᠡᠭ   ᠤᠨ ᠫᠠᠶᠢᠰᠠ ᠰᠡᠭᠦᠭᠦ ᠶᠣᠰᠣᠯᠠᠯ ᠬᠢᠩᠭᠠᠨ  ᠠᠶᠢᠮᠠᠭ ᠤᠨ ᠷᠡᠰᠢᠶᠠᠨ ᠬᠤᠳᠠ ᠳᠤ ᠶᠠᠪᠤᠬᠳᠠᠪᠠ᠃ ᠪᠦᠬᠦ ᠤᠯᠤᠰ ᠤᠨ ᠤᠯᠤᠰ ᠲᠦᠷᠣ ᠶᠢᠨ ᠵᠥᠪᠯᠡᠯᠭᠡᠨ ᠤ ᠪᠠᠶᠢᠩᠭᠤ ᠶᠢᠨ ᠬᠡᠰᠢᠬᠦᠨ᠂ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠤᠨ ᠳᠡᠳ᠋ ᠲᠡᠷᠢᠭᠦᠯᠡᠭᠴᠢ᠂ ᠳᠤᠮᠳᠠᠳᠤ ᠤᠯᠤᠰ ᠤᠨ ᠰᠢ ᠵᠦᠴᠦᠭᠡᠴᠢᠳ ᠤᠨ ᠡᠪᠯᠡᠯ ᠤᠨ ᠳᠡᠳ᠋ ᠲᠡᠷᠢᠭᠦᠯᠡᠭ᠌ᠴᠢ ᠴᠧᠨ ᠶᠠᠨ᠂ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠤᠨ ᠵᠤᠬᠢᠶᠠᠨ ᠪᠦᠲᠦᠭᠡᠬᠦ ᠬᠤᠯᠪᠣᠭ᠎ᠠ ᠶᠢᠨ ᠬᠡᠯᠲᠡᠰ ᠤᠨ ᠡᠷᠬᠢᠯᠡᠭᠴᠢ  ᠫᠧᠩ ᠰᠢᠣᠸᠠᠢ ᠮᠢᠩ᠂ ᠥᠪᠥᠷ ᠮᠣᠩᠭᠤᠯ   ᠤᠨ ᠣᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠢᠯᠠᠩ ᠤᠨ ᠭᠡᠰᠢᠭᠦᠨ᠂ ᠳᠡᠳ᠋ ᠲᠡᠷᠢᠭᠦᠯᠡᠭᠴᠢ ᠶᠠᠨ ᠶᠠᠨ᠂ ᠬᠢᠩᠭᠠᠨ ᠠᠢᠮᠠᠭ ᠤᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠱᠢᠭᠤᠨ ᠤ ᠨᠠᠮ  ᠤᠨ ᠬᠤᠷᠢᠶᠠᠨ ᠤ ᠱᠦᠵᠢ ᠰᠦᠨ ᠱᠣ᠋ ᠲᠤᠤ ᠫᠠᠶᠢᠰᠠ ᠰᠡᠭᠦᠭᠦ ᠶᠣᠰᠣᠯᠠᠯ ᠲᠤ ᠣᠷᠣᠯᠴᠠᠪᠠ᠃      ᠫᠠᠶᠢᠰᠠ ᠰᠡᠭᠦᠬᠦ ᠶᠣᠰᠣᠯᠠᠯ ᠳᠡᠭᠡᠷ᠎ᠡ᠂ ᠰᠢᠨ᠎ᠠ ᠴᠠᠭ ᠦᠶ᠎ᠡ ᠶᠢᠨ ᠤᠳᠬ᠎ᠠ ᠵᠣᠬᠢᠶᠠᠯ ‍ᠣᠨ‌ᠦᠢᠯᠡᠳᠦᠯᠭᠡ ᠶᠢᠨ ᠴᠡᠭ ᠤᠨ ᠭᠤᠷᠪᠠᠨ ᠲᠠᠯ᠎ᠠ ᠶᠢᠨ ᠬᠠᠮᠵᠢᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠵᠤ᠂ ᠥᠪᠥᠷ ᠮᠣᠩᠭᠤᠯ ᠤᠨ ᠵᠣᠬᠢᠶᠠᠯᠴᠢᠳ ᠬᠢᠭᠡᠳ ᠳᠤᠮᠳᠠᠳᠤ ᠤᠯᠤᠰ ᠤᠨ ᠵᠣᠬᠢᠶᠠᠯᠴᠢᠳ ᠲᠤ ︽ᠠᠮᠢᠳᠤᠷᠠᠯ ᠲᠤ ᠭᠦᠨᠵᠡᠭᠡᠶᠢᠷᠡᠵᠦ᠂ ᠠᠷᠠᠳ ᠤᠨ ᠳᠤᠮᠳᠠ ᠦᠨᠳᠦᠰᠦᠯᠡᠬᠦ︾  ᠰᠢᠨ᠎ᠠ ᠴᠠᠭ ᠦᠶ᠎ᠡ ᠶᠢᠨ ᠤᠳᠬ᠎ᠠ ᠵᠣᠬᠢᠶᠠᠯ ᠤᠨ ᠦᠢᠯᠡᠳᠦᠯᠭᠡ ᠶᠢᠨ ᠴᠡᠭ ᠤᠨ ᠫᠠᠶᠢᠰᠠ ᠢᠯᠡᠷᠭᠡᠶᠢᠯᠡᠯ ᠢ ᠣᠯᠭᠤᠬᠰᠠᠨ ᠪᠥᠭᠡᠳ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠲᠤ ᠣᠷᠣᠯᠴᠡᠭᠰᠠᠨ ᠵᠣᠬᠢᠶᠠᠯᠴᠢᠳ ᠲᠥᠯᠥᠭᠡᠯᠡᠭᠴᠢ ᠴᠢᠦᠸᠠᠨ ᠶᠦᠩ  ᠰᠢᠶᠠᠨ᠂ ᠸᠠᠩ ᠵᠢᠢ ᠪᠢᠩ ᠲᠤᠭ ᠣᠯᠭᠤᠵᠠᠢ᠃      ᠣᠶᠢᠯᠠᠭᠠᠬᠰᠠᠨ ᠢᠶᠠᠷ᠂  ᠷᠡᠰᠢᠶᠠᠨ ᠬᠤᠲᠠ ᠪᠣᠯ ᠥᠪᠥᠷ ᠮᠣᠩᠭᠤᠯ ᠤᠨ ᠠᠩᠬᠠᠳᠠᠬᠴᠢ ᠠᠮᠵᠢᠯᠳ᠋ᠨ ᠲᠠᠢ ᠪᠠᠷ ᠭᠤᠶᠤᠴᠢᠯᠠᠨ ᠮᠡᠳᠡᠭᠦᠯᠵᠦ ᠪᠠᠶᠢᠭᠤᠯᠤᠭ᠍ᠰᠠᠨ ᠳᠤᠮᠳᠠᠳᠤ ᠤᠯᠤᠰ ᠤᠨ ᠵᠣᠬᠢᠶᠠᠯᠴᠢᠳ ︽ᠠᠮᠢᠳᠤᠷᠠᠯ ᠲᠤ ᠭᠦᠨᠵᠡᠭᠡᠶᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠬᠦ︾ ᠰᠢᠨ᠎ᠠ ᠴᠠᠭ ᠦᠶ᠎ᠡ ᠶᠢᠨ ᠣᠳᠬ᠎ᠠ ᠵᠣᠬᠢᠶᠠᠯ ᠤᠨ ᠣᠶᠢᠯᠡᠳᠣᠯᠭᠡ ᠶᠢᠨ ᠴᠡᠭ ᠮᠥᠨ᠂ ᠡᠨᠡ ᠨᠢ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠤᠨ ᠥᠪᠥᠷ ᠮᠣᠩᠭᠤᠯ ᠤᠨ ᠣᠳᠬ᠎ᠠ ᠵᠣᠬᠢᠶᠠᠯ ᠤᠨ  ᠣᠶᠢᠯᠡᠰ ᠢ ᠬᠠᠯᠠᠮᠵᠢᠯᠠᠨ ᠬᠠᠶᠢᠷᠠᠯᠠᠵᠤ ᠪᠠᠶᠢᠭ᠎ᠠ ᠶᠢ ᠬᠠᠷᠠᠭᠤᠯᠵᠤ ᠪᠤᠢ᠃ ᠥᠪᠥᠷ ᠮᠣᠩᠭᠤᠯ ᠤᠨ ᠣᠳᠬ᠎ᠠ ᠤᠷᠠᠯᠢᠭ ᠤᠨ ᠬᠢᠨ ᠤ ᠬᠤᠯᠪᠣᠭ᠎ᠠ᠂ ᠥᠪᠥᠷ ᠮᠣᠩᠭᠤᠯ ᠤᠨ ᠵᠣᠬᠢᠶᠠᠯᠴᠢᠳ ᠤᠨ ᠡᠪᠯᠡᠯ ᠤᠨ ᠬᠢᠨ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠤᠨ ᠵᠢᠯᠤᠭᠤᠳᠤᠯᠭ᠎ᠠ ᠳᠣᠣᠷ᠎ᠠ᠂ ᠬᠢᠩᠭᠠᠨ ᠠᠢᠮᠠᠭ᠂ ᠷᠡᠰᠢᠶᠠᠨ ᠬᠤᠳ᠋ᠨ ᠲᠠᠢ ᠬᠠᠮᠲᠤᠪᠠᠷ ᠴᠢᠷᠮᠠᠶᠢᠵᠤ ᠪᠠᠶᠢᠭᠠᠳ ᠣᠶᠢᠯᠡᠳᠣᠯᠭᠡ ᠶᠢᠨ ᠴᠡᠭ ᠢ ᠰᠠᠶᠢᠲᠤᠷ ᠪᠠᠶᠢᠭᠤᠯᠤᠨ ᠰᠠᠶᠢᠲᠤᠷ ᠭᠡᠷᠡᠭᠯᠠᠵᠣ᠂ ᠣᠳᠬ᠎ᠠ ᠵᠣᠬᠢᠶᠠᠯ ᠤᠨ ᠣᠶᠢᠯᠡᠳᠣᠯᠭᠡ ᠶᠢᠨ ᠰᠢᠷᠢᠰ ᠠᠵᠢᠯᠯᠠᠭ᠎ᠠ ᠥᠷᠨᠢᠭᠦᠯᠵᠦ᠂ ᠦᠢᠯᠡᠴᠢᠯᠡᠭᠡ ᠪᠠᠲᠤᠯᠠᠭ᠎ᠠ ᠶᠢᠨ ᠪᠠᠢᠭᠤᠯᠤᠯᠳ᠋ᠨ ᠶᠢ ᠴᠢᠩᠭᠠᠳᠬᠠᠵᠤ᠂ ᠷᠠᠰᠢᠶᠠᠨ ᠤ ᠣᠶᠢᠯᠡᠳᠣᠯᠭᠡ ᠶᠢᠨ  ᠴᠡᠭ ᠢ ᠳᠤᠮᠳᠠᠳᠤ ᠤᠯᠤᠰ ᠤᠨ ᠵᠣᠬᠢᠶᠠᠯᠴᠢᠳ ᠤᠨ ᠰᠢᠨ᠎ᠠ ᠴᠠᠬ ᠦᠶ᠎ᠠ ᠶᠢᠨ ᠦᠢᠯᠡᠳᠦᠯᠭᠡ ᠶᠢᠨ ᠴᠡᠭ ᠪᠤᠯᠭᠠᠨ ᠪᠦᠳᠦᠭᠡᠨ ᠪᠠᠶᠢᠭᠤᠯᠤᠨ᠎ᠠ᠃ ᠡᠭᠦᠨ ᠤ ᠬᠠᠮᠲᠤ᠂ ᠰᠢᠨ᠎ᠠ ᠴᠠᠭ ᠦᠶ᠎ᠡ ᠶᠢᠨ ᠣᠳᠬ᠎ᠠ ᠵᠣᠬᠢᠶᠠᠯ ᠤᠨ ᠣᠶᠢᠯᠡᠳᠣᠯᠭᠡ ᠶᠢᠨ ᠴᠡᠭ ᠭᠡᠬᠦ ᠡᠨᠡ ᠬᠦ ᠰᠣᠯᠢᠯᠴᠠᠭᠠᠨ ᠤ ᠲᠠᠪᠴᠠᠩ ᠳᠤ ᠲᠦᠰᠢᠭᠯᠡᠨ᠂ ᠲᠤᠬᠠᠶ ᠶᠢᠨ ᠭᠠᠵᠠᠷ ᠤᠨ ᠣᠳᠬ᠎ᠠ ᠵᠣᠬᠢᠶᠠᠯ ᠤᠨ ᠴᠢᠳᠠᠪᠤᠷᠢᠲᠠᠨ   ᠢ ᠬᠦᠴᠦᠯᠡᠨ ᠬᠥᠮᠦᠵᠢᠭᠦᠯᠵᠦ᠂ ᠥᠪᠥᠷ ᠮᠣᠩᠭᠤᠯ ᠤᠨ ᠣᠳᠬ᠎ᠠ ᠵᠣᠬᠢᠶᠠᠯ ᠤᠨ ᠣᠶᠢᠯᠡᠰ ᠤᠨ ᠦᠶ᠎ᠡ ᠤᠯᠠᠮᠵᠢᠯᠠᠨ ᠵᠠᠯᠭᠠᠮᠵᠢᠯᠠᠬᠳ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠨᠭ᠍ᠭᠠᠬᠤ ᠪᠠᠷ ᠴᠢᠷᠮᠠᠶᠢᠵᠦ ᠪᠤᠢ᠃      ᠣᠶᠢᠯᠡᠳᠣᠯᠭᠡ ᠶᠢᠨ ᠴᠡᠭ ᠤᠨ ᠫᠠᠶᠢᠰᠠ ᠰᠡᠬᠦᠬᠦ ᠶᠣᠰᠣᠯᠠᠯ ᠳᠠᠭᠤᠰᠤᠬᠰᠠᠨ ᠤ ᠲᠠᠷᠠᠭ᠎ᠠ᠂ ᠳᠤᠮᠳᠠᠳᠤ ᠤᠯᠤᠰ  ᠤᠨ ᠵᠣᠬᠢᠶᠠᠯᠴᠢᠳ ᠤᠨ  ᠷᠡᠰᠢᠶᠠᠨ ᠳᠠᠬᠢ ᠭᠤᠣᠯ ᠰᠡᠳᠦᠪᠲᠦ ᠣᠶᠢᠯᠡᠳᠣᠯᠭᠡ ᠶᠢᠨ ᠠᠵᠢᠯᠯᠠᠭ᠎ᠠ ᠵᠢᠩᠬᠢᠨᠢ ᠪᠠᠷ ᠡᠬᠢᠯᠡᠵᠦ ᠂ ᠪᠦᠬᠦ ᠤᠯᠤᠰ ᠤᠨ ᠨᠡᠷᠡᠳᠦ ᠵᠣᠬᠢᠶᠠᠯᠴᠢ ᠪᠣᠯᠤᠨ ᠬᠢᠩᠭᠠᠨ ᠠᠢᠮᠠᠭ ᠤᠨ 50 ᠭᠠᠷᠤᠢ ᠨᠤᠲᠤᠭ ᠤᠨ ᠵᠣᠬᠢᠶᠠᠯᠴᠢ ᠷᠡᠰᠢᠶᠠᠨ ᠳᠤ ᠭᠦᠨᠵᠡᠭᠡᠶᠢᠷᠡᠵᠦ᠂ ᠤᠷᠠᠨ ᠵᠣᠬᠢᠶᠠᠯ ᠤᠨ ᠪᠦᠲᠦᠭᠡᠯ ᠢᠶᠠᠷ ᠢᠶᠠᠨ ᠤᠮᠠᠷᠠᠲᠤ ᠬᠢᠯᠢ ᠶᠢᠨ ᠦᠩᠭᠡ ᠭᠢᠯᠪᠠᠭ᠎ᠠ ᠶᠢ ᠳᠡᠯᠭᠡᠨ ᠦᠵᠡᠭᠦᠯᠵᠡᠢ᠃      ︵ᠨᠢᠩᠵᠢᠨ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号