13 ᠵᠢᠯ ᠬᠢᠯᠢ ᠶᠢᠨ ᠠᠮᠦᠷ ᠲᠤᠬᠳᠠᠭᠤᠨ ᠢ ᠰᠠᠬᠢᠬᠴᠢ — ᠬᠦᠭᠵᠢᠯᠳᠤ
ᠨᠡᠶᠢᠲᠡᠯᠡᠭᠰᠡᠨ ᠴᠠᠭ᠄
2024/7/2
                                   ● ᠵᠠᠩ ᠴᠢᠶᠠᠩ      ᠦᠪᠦᠷ ᠮᠤᠩᠭᠤᠯ ᠤᠨ ᠬᠢᠯᠢ ᠪᠠᠷ ᠤᠷᠤᠵᠦ ᠭᠠᠷᠬᠤ ᠬᠢᠯᠢ ᠶᠢᠨ ᠬᠠᠮᠠᠭᠠᠯᠠᠯᠳᠠ ᠶᠢᠨ ᠪᠠᠶᠢᠴᠠᠭᠠᠬᠤ ᠶᠡᠷᠦᠩᠭᠡᠢ ᠦᠷᠳᠡᠭᠡ ᠶᠢᠨ ᠬᠢᠨᠭ᠍ᠭᠠᠨ ᠬᠢᠯᠢ ᠶᠢᠨ ᠬᠠᠮᠢᠶᠠᠷᠦᠯᠳᠠ ᠶᠢᠨ ᠰᠠᠯᠪᠦᠷᠢ ᠠᠩᠬᠢ ᠶᠢᠨ ᠢᠷᠪᠢᠰ ᠬᠢᠯᠢ ᠶᠢᠨ ᠲᠤᠮᠢᠯᠠᠬᠰᠠᠨ ᠰᠠᠯᠪᠦᠷᠢ ᠶᠢᠨ ᠬᠡᠷᠡᠮ ᠲᠡᠭᠡᠷ᠎ᠡ 210 ᠴᠠᠬᠳᠠᠭ᠎ᠠ ᠶᠢᠨ ᠨᠡᠷ᠎ᠡ ᠶᠢ ᠰᠡᠶᠢᠯᠵᠦ ᠪᠤᠢ᠂ ᠲᠡᠷᠡ ᠨᠢ 1980 ᠤᠨ ᠠᠴᠠ ᠨᠠᠭᠠᠰᠢᠬᠢ ᠲᠤᠮᠢᠯᠠᠬᠰᠠᠨ ᠰᠠᠯᠪᠦᠷᠢ ᠶᠢᠨ ᠪᠠᠭᠠᠳᠤᠷᠯᠢᠭ ᠪᠠᠶᠢᠯᠳᠤᠬᠴᠢ ᠶᠢ ᠲᠦᠯᠦᠭᠡᠯᠡᠵᠦ ᠪᠠᠶᠢᠳᠠᠭ᠃      ᠢᠷᠪᠢᠰ ᠬᠢᠯᠢ ᠶᠢᠨ ᠲᠤᠮᠢᠯᠠᠬᠰᠠᠨ ᠰᠠᠯᠪᠦᠷᠢ ᠶᠢᠨ ᠲᠠᠷᠤᠭ᠎ᠠ ᠪᠤᠯᠤᠬᠰᠠᠨ ᠬᠦᠭᠵᠢᠯᠳᠤ ᠡᠨᠡᠬᠦ ᠦᠨᠳᠦᠰᠦᠨ ᠱᠠᠳᠦᠨ ᠤ ᠲᠤᠮᠢᠯᠠᠬᠰᠠᠨ ᠰᠠᠯᠪᠦᠷᠢ ᠳᠤ ᠪᠦᠬᠦᠯᠢ 13 ᠵᠢᠯ ᠠᠵᠢᠯᠯᠠᠵᠤ ᠪᠠᠶᠢᠨ᠎ᠠ᠃ ᠡᠨᠡᠬᠦ ᠢᠷᠠᠭᠤ ᠠᠯᠳᠠᠷ ᠤᠨ ᠬᠡᠷᠡᠮ ᠢ ᠪᠠᠶᠢᠭᠤᠯᠤᠬᠰᠠᠨ ᠤᠭ ᠰᠠᠨᠠᠭ᠎ᠠ ᠶᠢᠨ ᠲᠤᠬᠠᠢ ᠬᠦᠭᠵᠢᠯᠳᠤ᠄ ︽ᠲᠤᠰ ᠬᠡᠷᠡᠮ ᠨᠢ ᠦᠡᠭᠭᠡᠷᠡᠭᠰᠡᠨ ᠤ ᠡᠷᠡᠯᠬᠡᠭ ᠪᠠᠭᠠᠳᠤᠷᠯᠢᠭ ᠥᠢᠯᠠ ᠠᠵᠢᠯᠯᠠᠭ᠎ᠠ ᠶᠢ ᠲᠤᠰᠬᠠᠬᠰᠠᠨ ᠢᠶᠠᠷ ᠪᠠᠷᠠᠬᠤ ᠦᠬᠡᠢ ᠨᠡᠩ ᠴᠤ ᠢᠷᠡᠭᠡᠳᠦᠢ ᠳᠤ ᠢᠳᠡᠬᠡᠯ ᠵᠤᠷᠢᠭ ᠲᠠᠢ ᠪᠠᠶᠢᠬᠤ ᠶᠢᠨ ᠵᠤᠷᠢᠬᠵᠢᠭᠤᠯᠤᠯ ᠪᠤᠯᠬᠤ ᠶᠤᠮ᠃ ᠲᠡᠷᠡ ᠨᠢ ᠪᠠᠶᠢᠯᠳᠤᠬᠴᠢᠳ ᠤᠨ ᠤᠯᠠ ᠮᠦᠷ ᠢᠶᠠᠷ ᠭᠤᠶᠢᠪᠢᠰᠢ ᠦᠬᠡᠢ ᠵᠠᠮᠨᠠᠵᠦ᠂ ᠬᠢᠯᠢ ᠶᠢᠨ ᠠᠮᠦᠷ ᠲᠤᠬᠳᠠᠭᠤᠨ ᠪᠤᠯᠤᠨ ᠦᠨᠳᠦᠰᠦᠳᠡᠨ ᠤ ᠪᠦᠯᠬᠦᠮᠳᠡᠯ ᠲᠠᠪᠰᠢᠯᠳᠡ ᠳᠤ ᠦᠪᠡᠷ ᠤᠨ ᠬᠡᠰᠡᠨ ᠬᠦᠴᠦᠨ ᠴᠢᠳᠠᠯ ᠢᠶᠠᠨ ᠡᠷᠬᠦᠨ᠎ᠡ︾ ᠬᠡᠵᠦ ᠰᠤᠷᠪᠤᠯᠵᠢᠯᠠᠬᠴᠢ ᠳᠤ ᠶᠠᠷᠢᠯ᠎ᠠ᠃      ᠡᠯ᠎ᠡ ᠦᠨᠳᠦᠰᠦᠳᠡᠨ ᠤ ᠤᠯᠠᠨ ᠲᠦᠮᠡᠨ ᠳᠤ ᠦᠢᠯᠡᠴᠢᠯᠡᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠤᠨ᠎ᠠ      ᠬᠢᠯᠢ ᠶᠢᠨ ᠲᠤᠮᠢᠯᠠᠬᠰᠠᠨ ᠰᠠᠯᠪᠦᠷᠢ ᠶᠢᠨ ᠲᠦᠷᠦᠬᠦᠨ ᠴᠢᠬᠤᠯᠠ ᠡᠬᠦᠷᠭᠡ ᠪᠤᠯ ᠲᠠᠷᠦᠢ ᠬᠢᠯᠢ ᠶᠢ ᠴᠠᠬᠳᠠᠨ ᠪᠠᠶᠢᠴᠠᠭᠠᠬᠤ ᠶᠠᠪᠤᠳᠠᠯ ᠪᠤᠯᠤᠨ᠎ᠠ᠃ ᠢᠷᠪᠢᠰ ᠬᠢᠯᠢ ᠶᠢᠨ ᠲᠤᠮᠢᠯᠠᠬᠰᠠᠨ ᠰᠠᠯᠪᠦᠷᠢ 25 ᠺᠢᠯᠤᠮᠧᠲᠷ ᠤᠷᠳᠤ ᠬᠢᠯᠢ ᠶᠢᠨ ᠱᠤᠭᠤᠮ ᠢ ᠰᠠᠬᠢᠨ ᠬᠠᠮᠠᠭᠠᠯᠠᠬᠤ ᠬᠦᠨᠳᠤ ᠡᠬᠦᠷᠭᠡ ᠶᠢ ᠡᠬᠦᠷᠭᠡᠯᠡᠵᠦ ᠪᠠᠶᠢᠳᠠᠭ᠃ ᠡᠬᠦᠨ ᠠᠴᠠ ᠭᠠᠳᠠᠨ᠎ᠠ᠂ ᠲᠤᠮᠢᠯᠠᠬᠰᠠᠨ ᠰᠠᠯᠪᠦᠷᠢ ᠪᠠᠰᠠ 895 ᠲᠡᠭᠰᠢ ᠲᠦᠷᠪᠡᠯᠵᠢᠨ  ᠺᠢᠯᠤᠮᠧᠲᠷ ᠤᠨ ᠬᠡᠪᠴᠢᠶᠡᠨ ᠳᠠᠬᠢ ᠨᠡᠶᠢᠬᠡᠮ ᠤᠨ ᠠᠮᠦᠷ ᠲᠤᠬᠳᠠᠭᠤᠨ ᠢ ᠪᠠᠳᠦᠯᠠᠬᠤ ᠬᠦᠨᠳᠤ ᠡᠬᠦᠷᠭᠡ ᠶᠢ ᠡᠬᠦᠷᠭᠡᠯᠡᠵᠦ᠂ ᠬᠠᠷᠢᠶᠠᠳᠤ ᠤᠷᠤᠨ ᠤ ᠪᠠᠨ 1.2 ᠲᠦᠮᠡᠨ ᠡᠷᠦᠬᠡ ᠬᠡᠷ ᠪᠦᠯᠢ ᠶᠢᠨ 2.5 ᠲᠦᠮᠡ ᠭᠠᠷᠦᠢ ᠪᠠᠶᠢᠡᠭᠭᠤ ᠰᠠᠭᠤᠭ᠎ᠠ ᠬᠦᠮᠦᠨ ᠠᠷᠠᠳ ᠲᠤ ᠦᠢᠯᠡᠴᠢᠯᠡᠨ᠂ ᠲᠡᠳᠡᠨ ᠳᠤ ᠠᠮᠦᠷ ᠲᠤᠬᠳᠠᠭᠤᠨ ᠤ ᠪᠠᠳᠦᠯᠠᠭ᠎ᠠ ᠬᠠᠨᠭ᠍ᠭᠠᠵᠦ ᠪᠠᠶᠢᠳᠠᠭ᠃ ᠬᠦᠭᠵᠢᠯᠳᠤ ᠨᠢᠬᠡᠨ ᠨᠠᠮ ᠤᠨ ᠬᠡᠰᠢᠬᠦᠨ ᠺᠠᠳ᠋ᠷ ᠪᠤᠯᠤᠬᠰᠠᠨ ᠤ ᠬᠤᠪᠢ ᠳᠤ᠂ ᠢᠮᠠᠬᠳᠠ ᠬᠢᠯᠢ ᠶᠢᠨ ᠠᠷᠠᠳ ᠤᠨ ᠠᠮᠦᠷ ᠲᠦᠪᠰᠢᠨ ᠢ ᠰᠡᠳᠬᠢᠯ ᠳᠡᠭᠡᠨ ᠴᠡᠭᠡᠵᠢᠯᠡᠵᠦ ᠪᠠᠶᠢᠳᠠᠭ᠃ ᠲᠡᠷᠡ 13 ᠵᠢᠯ ᠤᠨ ᠲᠤᠷᠰᠢ᠂ ᠠᠮᠦᠷ ᠠᠮᠤᠭᠤᠯᠠᠩ ᠢ ᠬᠠᠮᠠᠭᠠᠯᠠᠬᠤ᠂ ᠤᠯᠠᠨ ᠲᠦᠮᠡᠨ ᠳᠤ ᠦᠢᠯᠡᠴᠢᠯᠡᠵᠦ᠂ ᠨᠡᠶᠢᠭᠡᠮ ᠤᠨ ᠠᠮᠦᠷ ᠲᠤᠬᠳᠠᠭᠤᠨ ᠤ ᠬᠦᠴᠢᠷ ᠠᠰᠠᠭᠤᠳᠠᠯ ᠢ ᠰᠶᠢᠳᠪᠦᠷᠢᠯᠡᠵᠦ᠂ ᠠᠷᠠᠳ ᠲᠦᠮᠡᠨ ᠳᠤ ᠦᠢᠯᠡᠴᠢᠯᠡᠬᠦ ᠴᠢᠨᠠᠷ ᠴᠢᠨᠰᠠᠭ᠎ᠠ ᠪᠠᠨ ᠲᠡᠭᠡᠭᠰᠢᠯᠡᠬᠦᠯᠵᠦ ᠶᠠᠪᠤᠵᠠᠢ᠃      ᠲᠦᠷᠦᠬᠦᠬᠡᠨ ᠠᠷᠠᠳ ᠤᠨ ᠴᠠᠬᠳᠠᠭ᠎ᠠ ᠤᠷᠢᠳᠴᠢᠯᠠᠨ ᠴᠠᠬᠳᠠᠬᠤ ᠪᠠᠷ ᠲᠠᠮᠵᠢᠨ᠂ ᠯᠢᠨ ᠬᠠᠢ ᠵᠡᠬᠡᠯᠢ ᠳᠤ ᠰᠠᠭᠤᠭ᠎ᠠ ᠵᠧᠩ ᠤᠪᠤᠬᠳᠤ ᠠᠪᠠᠭ᠋ᠠᠢ ᠰᠦᠯᠵᠢᠶᠡᠨ ᠤ ᠮᠡᠬᠡᠯᠡᠯ ᠳᠤ ᠲᠤᠯᠭᠠᠷᠠᠵᠦ᠂ ᠦᠪᠡᠷ ᠤᠨ 10 ᠲᠦᠮᠡᠨ ᠲᠦᠬᠦᠷᠢᠭ ᠢᠶᠠᠨ ᠦᠯᠦ ᠲᠠᠨᠢᠬᠤ ᠬᠦᠮᠦᠨ ᠳᠤ ᠭᠤᠪᠢᠭᠤᠯᠵᠦ ᠦᠭᠬᠦ ᠪᠠᠷ ᠪᠠᠶᠢᠬᠤ ᠶᠢ ᠤᠯᠵᠦ ᠮᠡᠳᠡᠵᠡᠢ᠃ ᠬᠦᠭᠵᠢᠯᠳᠤ ᠲᠡᠷᠡ ᠲᠠᠷᠦᠢ ᠳᠤᠨᠢ ᠲᠤᠬᠠᠢ ᠶᠢᠨ ᠲᠠᠯᠠᠪᠦᠷ ᠲᠤ ᠭᠥᠷᠴᠥ᠂ ᠮᠡᠬᠡᠯᠡᠯ ᠤᠨ ᠠᠷᠭ᠎ᠠ ᠪᠠᠰᠢᠷ ᠢ ᠨᠠᠷᠢᠯᠢᠭ ᠲᠠᠶᠢᠯᠪᠦᠷᠢᠯᠠᠵᠦ ᠦᠭᠬᠦᠭᠰᠡᠨ ᠠᠴᠠ ᠵᠧᠩ ᠠᠪᠠᠭ᠋ᠠᠢ ᠰᠠᠶ᠋ᠢ 10 ᠲᠦᠮᠡᠨ ᠲᠦᠬᠦᠷᠢᠭ ᠤᠨ ᠬᠡᠷ ᠬᠤᠳᠠᠯᠳᠤᠨ ᠠᠪᠬᠤ ᠵᠤᠭᠤᠰ ᠢᠶᠠᠨ ᠬᠠᠮᠠᠭᠠᠯᠠᠵᠦ ᠴᠢᠳᠠᠵᠠᠢ᠃      2019 ᠤᠨ ᠠᠴᠠ ᠨᠠᠭᠠᠰᠢ᠂ ᠢᠷᠪᠢᠰ ᠬᠢᠯᠢ ᠶᠢᠨ ᠲᠤᠮᠢᠯᠠᠬᠰᠠᠨ ᠰᠠᠯᠪᠦᠷᠢ ᠴᠠᠬᠢᠯᠭᠠᠨ ᠬᠤᠯᠪᠤᠭᠠᠨ ᠤ ᠮᠡᠬᠡᠯᠡᠯ ᠤᠨ ᠬᠡᠷᠡᠭ ᠢ ᠨᠡᠶᠢᠳᠠ 18 ᠢᠯᠡᠷᠡᠬᠦᠯᠦᠨ ᠰᠶᠢᠳᠪᠦᠷᠢᠯᠡᠵᠦ᠂ ᠤᠯᠠᠨ ᠲᠦᠮᠡᠨ ᠤ 60 ᠭᠠᠷᠦᠢ ᠲᠦᠮᠡᠨ ᠲᠦᠬᠦᠷᠢᠭ ᠤᠨ ᠠᠵᠦ ᠠᠬᠤᠢ ᠶᠢᠨ ᠬᠤᠬᠢᠷᠠᠯ ᠢ ᠡᠬᠡᠬᠦᠯᠦᠨ ᠠᠪᠴᠢᠷᠠᠵᠡᠢ᠃      ᠬᠦᠭᠵᠢᠯᠳᠤ ᠤᠯᠠᠨ ᠲᠦᠮᠡᠨ ᠳᠤ ᠨᠡᠩ ᠰᠠᠶᠢᠳᠦᠷ ᠦᠢᠯᠡᠴᠢᠯᠡᠬᠦ ᠶᠢᠨ ᠲᠦᠯᠦᠬᠡ᠂ ᠦᠪᠡᠰᠦᠪᠡᠨ ᠦᠨᠳᠦᠰᠦᠨ ᠬᠠᠤᠯᠢ ᠂ ᠡᠷᠡᠬᠦᠦ ᠶᠢᠨ ᠬᠠᠤᠯᠢ᠂ ᠢᠷᠭᠡᠨ ᠤ ᠵᠠᠷᠭᠤ ᠶᠢᠨ ᠬᠠᠤᠯᠢ ᠵᠡᠷᠭᠡ ᠬᠠᠤᠯᠢ ᠴᠠᠭᠠᠵᠠ ᠶᠢᠨ ᠮᠡᠳᠡᠯᠬᠡ ᠶᠢ ᠰᠤᠷᠤᠯᠴᠠᠵᠦ᠂ ᠦᠪᠡᠷ ᠤᠨ ᠪᠡᠶ᠎ᠡ ᠶᠢᠨ ᠢᠶᠠᠨ ᠬᠠᠤᠯᠢ ᠬᠡᠷᠡᠭᠵᠢᠬᠦᠯᠵᠦ ᠵᠠᠷᠭᠤ ᠰᠶᠢᠳᠪᠦᠷᠢᠯᠡᠬᠦ ᠴᠢᠳᠠᠪᠦᠷᠢ ᠶᠢ ᠦᠳᠳᠡᠷ ᠲᠦᠷᠬᠡᠨ ᠲᠡᠭᠡᠭᠰᠢᠯᠡᠬᠦᠯᠵᠡᠢ᠃ ᠷᠠᠰᠢᠶᠠᠨ ᠬᠤᠳᠠ ᠶᠢᠨ ᠵᠢᠭᠤᠯᠴᠢᠯᠠᠯ ᠬᠦᠭᠵᠢᠶᠡᠨ ᠲᠠᠢ ᠬᠤᠭᠤᠴᠠᠭᠠᠨ ᠳᠤ᠂ ᠵᠢᠯ ᠪᠦᠷᠢ 200 ᠲᠦᠮᠡᠨ ᠵᠢᠭᠤᠯᠴᠢᠯᠠᠬᠴᠢ ᠵᠢᠴᠢ ᠢᠨᠵᠧᠨᠧᠷᠢᠩ ᠤᠨ ᠠᠵᠢᠯᠳᠠᠨ᠂ ᠭᠠᠳᠠᠨ᠎ᠠ ᠠᠴᠠ ᠢᠷᠡᠭᠰᠡᠨ ᠬᠦᠮᠦᠰ ᠢ ᠭᠥᠯᠢᠶᠠᠨ ᠠᠪᠴᠥ ᠪᠠᠶᠢᠳᠠᠬ᠃ ᠬᠦᠭᠵᠢᠯᠳᠤ ᠠᠷᠠᠳ ᠤᠨ ᠴᠠᠬᠳᠠᠭ᠎ᠠ ᠪᠠᠨ ᠲᠠᠭᠠᠭᠤᠯᠤᠨ ᠪᠠᠶᠢᠴᠠᠭᠠᠵᠦ ᠲᠠᠩᠰᠠᠯᠠᠨ᠂ ᠲᠡᠳᠡᠨ ᠤ ᠪᠠᠶᠢᠳᠠᠯ ᠢ ᠤᠨᠤᠴᠠᠳᠠᠢ ᠡᠵᠡᠮᠰᠢᠬᠦ ᠶᠢ ᠪᠠᠳᠦᠯᠠᠬᠰᠠᠨ ᠪᠠᠶᠢᠨ᠎ᠠ᠃      ᠬᠦᠭᠵᠢᠯᠳᠤ ᠪᠠᠰᠠ ᠪᠠᠷᠢᠯᠭ᠎ᠠ ᠶᠢᠨ ᠲᠠᠯᠠᠪᠦᠷ ᠲᠤ ᠬᠠᠤᠯᠢ ᠴᠠᠭᠠᠵᠠ ᠶᠢᠨ ᠠᠰᠠᠭᠤᠨ ᠯᠠᠪᠯᠠᠯᠭ᠎ᠠ ᠶᠢᠨ ᠲᠠᠶᠢᠰᠠ ᠲᠤᠬᠢᠷᠠᠭᠤᠯᠵᠦ᠂ ᠠᠶᠦᠯᠬᠦᠢ ᠦᠢᠯᠡᠳᠪᠦᠷᠢᠯᠡᠯ ᠤᠨ ᠮᠡᠳᠡᠯᠬᠡ᠂ ᠬᠢᠯᠢ ᠶᠢᠨ ᠬᠠᠮᠢᠶᠠᠷᠦᠯᠳᠠ ᠶᠢᠨ ᠲᠦᠷᠢᠮ ᠵᠢᠴᠢ ᠠᠵᠢᠯᠴᠢᠨ ᠬᠡᠷᠡᠭᠯᠡᠬᠦ ᠬᠡᠷ᠎ᠡ ᠵᠡᠷᠭᠡ ᠬᠠᠤᠯᠢ ᠴᠠᠭᠠᠵᠠ ᠬᠠᠤᠯᠢ ᠲᠦᠷᠢᠮ ᠢ ᠢᠳᠡᠪᠬᠢᠳᠡᠢ ᠤᠬᠠᠭᠤᠯᠵᠦ᠂ ᠤᠯᠠᠨ ᠲᠦᠮᠡᠨ ᠳᠤ ᠴᠠᠭ ᠲᠤᠬᠠᠢ ᠳᠤᠨᠢ ᠬᠠᠤᠯᠢ ᠴᠠᠭᠠᠵᠠ ᠶᠢᠨ ᠲᠡᠮᠵᠢᠯᠬᠡ ᠦᠵᠡᠬᠦᠯᠵᠡᠢ᠃ ᠲᠡᠷᠡ ᠬᠠᠷᠢᠶᠠᠳᠤ ᠤᠷᠤᠨ ᠤ ᠪᠠᠨ ᠡᠯ᠎ᠡ ᠦᠨᠳᠦᠰᠦᠳᠡᠨ ᠤ ᠤᠯᠠᠨ ᠲᠦᠮᠡᠨ ᠤ ᠵᠠᠩ ᠲᠠᠳᠬᠠᠯ ᠢ ᠬᠦᠨᠳᠤᠳᠬᠡᠬᠦ ᠪᠤᠯ ᠦᠨᠳᠦᠰᠦᠳᠡᠨ ᠤ ᠪᠦᠯᠬᠦᠮᠳᠡᠯ ᠲᠠᠪᠰᠢᠯᠳᠡ ᠪᠠ ᠨᠡᠶᠢᠬᠡᠮ ᠤᠨ ᠲᠤᠬᠳᠠᠭᠤᠨ ᠢ ᠪᠠᠳᠦᠯᠠᠬᠤ ᠶᠢᠨ ᠴᠢᠬᠤᠯᠠ ᠴᠢᠨᠠᠷ ᠢ ᠬᠦᠨᠵᠡᠬᠡᠢ ᠤᠶᠢᠯᠠᠭᠠᠵᠦ ᠪᠠᠶᠢᠳᠠᠭ᠃ ᠬᠦᠭᠵᠢᠯᠳᠤ ᠶᠢᠨ ᠲᠠᠭᠠᠭᠤᠯᠭ᠎ᠠ ᠪᠠᠷ ᠬᠠᠷᠢᠶᠠᠳᠤ ᠤᠷᠤᠨ ᠡᠯ᠎ᠡ ᠲᠦᠷᠦᠯ ᠤᠨ ᠠᠰᠠᠭᠤᠳᠠᠯ ᠨᠢ ᠪᠦᠳᠦᠮᠵᠢᠳᠡᠢ ᠰᠶᠢᠳᠪᠦᠷᠢᠯᠡᠭᠳᠡᠵᠡᠢ᠃      ᠠᠭᠤᠰᠤᠯᠴᠠᠯ ᠬᠦᠭᠵᠢᠯᠳᠡ ᠪᠠᠷ ᠦᠨᠳᠦᠰᠦᠳᠡᠨ ᠤ ᠪᠦᠯᠬᠦᠮᠳᠡᠯ ᠲᠠᠪᠰᠢᠯᠳᠡ ᠶᠢᠨ ᠠᠭᠤᠷ ᠠᠮᠢᠰᠬᠤᠯ ᠢ ᠪᠤᠢ ᠪᠤᠯᠭᠠᠨ᠎ᠠ      ᠲᠦᠷᠪᠡᠨ ᠵᠢᠯ ᠤᠨ ᠡᠮᠦᠨ᠎ᠡ᠂ ᠯᠢᠤ ᠵᠢᠶᠠᠨ ᠪᠤᠯᠤᠨ ᠬᠡᠳᠦᠨ ᠵᠠᠯᠠᠭᠤ ᠲᠠᠷᠢᠶᠠᠯᠠᠩ ᠤᠨ ᠤᠨᠴᠠᠯᠢᠬᠳᠤ ᠲᠤᠰᠬᠠᠢ ᠬᠤᠷᠰᠢᠶ᠎ᠠ ᠪᠠᠶᠢᠭᠤᠯᠵᠦ᠂ ᠰᠦᠯᠵᠢᠶᠡᠨ ᠲᠡᠭᠡᠷ᠎ᠡ ᠪᠠ ᠰᠦᠯᠵᠢᠶᠠᠨ ᠭᠠᠳᠠᠨ᠎ᠠ ᠨᠢᠬᠡ ᠴᠤᠬᠴᠠᠵᠢᠭᠤᠯᠤᠬᠰᠠᠨ ᠡᠵᠡᠩᠨᠡᠯᠳᠡ ᠶᠢ ᠲᠤᠷᠰᠢᠨ ᠬᠢᠭᠰᠡᠨ ᠪᠤᠯᠪᠠᠴᠦ ᠦᠷ᠎ᠡ ᠪᠦᠳᠦᠮᠵᠢ ᠪᠠᠷ ᠠᠨᠠᠢ ᠪᠠᠶᠢᠵᠠᠢ᠃ ᠯᠢᠤ ᠵᠢᠶᠠᠨ᠄ ︽ᠤᠳᠤ ᠬᠤᠷᠰᠢᠶ᠎ᠠ ᠪᠠᠨ ᠠᠮᠵᠢᠯᠳᠠ ᠲᠠᠢ ᠡᠵᠡᠩᠨᠡᠭᠰᠡᠨ ᠨᠢ ᠪᠦᠷ ᠬᠦᠭᠵᠢᠯᠳᠤ ᠰᠠᠯᠪᠦᠷᠢ ᠶᠢᠨ ᠲᠠᠷᠤᠭ᠎ᠠ ᠪᠤᠯᠤᠨ ᠪᠤᠰᠤᠳ ᠠᠷᠠᠳ ᠤᠨ ᠴᠠᠬᠳᠠᠭ᠎ᠠ ᠶᠢᠨ ᠬᠦᠴᠦᠳᠡᠢ ᠲᠡᠮᠵᠢᠯᠬᠡ ᠠᠴᠠ ᠰᠠᠯᠵᠦ ᠴᠢᠳᠠᠬᠤ ᠦᠬᠡᠢ ᠶᠤᠮ᠃ ᠲᠡᠳᠡ ᠪᠢᠳᠡᠨ ᠢ ᠬᠠᠪᠰᠦᠷᠦᠨ ᠪᠡᠯᠡ ᠮᠦᠡᠭᠬᠦ ᠭᠤᠶᠤᠴᠢᠯᠠᠨ ᠵᠤᠬᠢᠴᠠᠭᠤᠯᠵᠦ ᠦᠭᠬᠦᠭᠰᠡᠨ ᠢᠶᠠᠷ ᠪᠠᠷᠠᠬᠤ ᠦᠬᠡᠢ ᠪᠠᠰᠠ ᠤᠯᠠᠨ ᠤᠳᠠᠭ᠎ᠠ ᠡᠯᠧᠺᠲᠷᠤᠨ ᠬᠤᠳᠠᠯᠳᠤᠭᠠᠨ ᠤ ᠪᠤᠯᠪᠠᠰᠦᠷᠠᠯ ᠳᠤ ᠤᠷᠤᠯᠴᠠᠬᠤ ᠲᠤᠬᠢᠶᠠᠯ ᠤᠯᠭᠤᠵᠠᠢ︾ ᠬᠡᠵᠦ ᠰᠤᠷᠪᠤᠯᠵᠢᠯᠠᠬᠴᠢ ᠳᠤ ᠪᠠᠶᠠᠷᠳᠠᠶᠢᠬᠠᠨ ᠶᠠᠷᠢᠵᠦ ᠪᠠᠶᠢᠯ᠎ᠠ᠃      ᠤᠶᠢᠷ᠎ᠠ ᠶᠢᠨ ᠬᠡᠳᠦᠨ ᠵᠢᠯ᠂ ᠢᠷᠪᠢᠰ ᠬᠢᠯᠢ ᠶᠢᠨ ᠲᠤᠮᠢᠯᠠᠬᠰᠠᠨ ᠰᠠᠯᠪᠦᠷᠢ ᠷᠠᠰᠢᠶᠠᠨ ᠤ ᠤᠯᠤᠰ ᠤᠨ ᠲᠡᠰ ᠤᠨ ᠵᠢᠭᠤᠯᠴᠢᠯᠠᠯ ᠰᠡᠯᠡᠬᠦᠴᠡᠯ ᠤᠨ ᠤᠷᠤᠨ ᠤ ᠪᠦᠳᠦᠬᠡᠨ ᠪᠠᠶᠢᠭᠤᠯᠤᠯᠳᠠ ᠶᠢᠨ ᠲᠦᠯᠦᠪᠵᠢᠬᠦᠯᠬᠡ ᠶᠢ ᠢᠳᠡᠪᠬᠢᠳᠡᠢ ᠳᠠᠭᠠᠵᠤ᠂ ᠰᠠᠭᠤᠭ᠎ᠠ ᠨᠡᠶᠢᠬᠡᠮ ᠲᠤᠭᠤᠷᠢᠭ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠠᠢ ᠬᠠᠮᠵᠢᠯᠴᠠᠨ᠂ ︽ᠠᠷᠠᠳ ᠴᠠᠬᠳᠠᠭ᠎ᠠ + ᠲᠠᠷᠢᠶᠠᠴᠢᠨ ᠨᠠᠮ ᠤᠨ ᠬᠡᠰᠢᠬᠦᠨ + ᠶᠠᠳᠠᠭᠤ ᠡᠷᠦᠬᠡ︾ ᠭᠤᠷᠪᠠ ᠶᠢ ᠨᠢᠬᠡ ᠴᠤᠬᠴᠠᠵᠢᠭᠤᠯᠤᠬᠰᠠᠨ ᠤᠨᠤᠴᠠᠳᠠᠢ ᠬᠠᠪᠰᠦᠷᠦᠨ ᠲᠡᠳᠬᠦᠬᠦ ᠬᠡᠯᠬᠢᠶ᠎ᠡ ᠶᠢ ᠪᠠᠶᠢᠭᠤᠯᠵᠠᠢ᠃ ᠬᠠᠷᠢᠶᠠᠳᠤ ᠤᠷᠤᠨ ᠤ ᠪᠠᠨ ᠡᠯᠪᠡᠭ ᠪᠠᠶᠠᠯᠢᠭ ᠬᠡᠬᠡᠷ᠎ᠡ ᠶᠢᠨ ᠮᠦᠬᠦ᠂ ᠤᠶᠢᠮ᠎ᠠ ᠨᠤᠭᠤᠭ᠎ᠠ᠂ ᠠᠯᠳᠠᠩᠬᠸ᠎ᠠ ᠴᠡᠴᠡᠭ ᠵᠡᠷᠭᠡ ᠤᠢ ᠶᠢᠨ ᠦᠢᠯᠡᠳᠬᠦᠨ ᠤ ᠡᠬᠢ ᠪᠠᠶᠠᠯᠢᠭ ᠢ ᠪᠦᠷᠢᠮᠦᠰᠦᠨ ᠠᠰᠢᠬᠯᠠᠵᠦ᠂ ᠤᠯᠠᠨ ᠲᠦᠮᠡᠨ ᠢ ᠬᠠᠮᠵᠢᠨ ᠰᠦᠯᠵᠢᠶᠡᠨ ᠲᠡᠭᠡᠷ᠎ᠡ ᠪᠤᠷᠤᠯᠠᠭᠤᠯᠬᠤ ᠵᠠᠮ ᠢ ᠦᠷᠭᠡᠳᠬᠡᠨ᠂ 19 ᠡᠷᠦᠬᠡ ᠬᠢᠯᠢ ᠶᠢᠨ ᠠᠷᠠᠳ ᠢ ᠵᠢᠯᠤᠭᠤᠳᠤᠨ ᠤᠨᠴᠠᠯᠢᠬᠳᠤ ︽ᠬᠢᠯᠢ ᠶᠢᠨ ᠵᠢᠭᠤᠯᠴᠢᠯᠠᠯ︾ ᠪᠠ ︽ᠬᠦᠳᠡᠭᠡ ᠠᠶᠢᠯ ᠬᠤᠭᠤᠯᠠᠨ ᠭᠡᠷ︾ ᠵᠡᠷᠭᠡ ᠵᠢᠭᠤᠯᠴᠢᠯᠠᠯ ᠤᠨ ᠠᠵᠦ ᠦᠢᠯᠡᠰ ᠢ ᠬᠦᠭᠵᠢᠬᠦᠯᠵᠦ᠂ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠬᠦᠯᠬᠦ ᠶᠢ ᠪᠡᠶᠡᠯᠡᠬᠦᠯᠵᠡᠢ᠃      ᠷᠠᠰᠢᠶᠠᠨ ᠬᠤᠳᠠ ᠶᠢᠨ ︽ᠭᠠᠭᠴᠠᠭᠠᠷ ᠠᠮᠢᠳᠦᠷᠠᠵᠦ ᠪᠠᠶᠢᠭ᠎ᠠ ᠨᠠᠰᠦᠳᠠᠳ︾ ᠤᠨ ᠬᠦᠳᠡᠯᠵᠦ ᠪᠠᠷᠢᠬᠤ ᠳᠤ ᠲᠦᠬᠦᠮ ᠦᠬᠡᠢ ᠠᠰᠠᠭᠤᠳᠠᠯ ᠨᠢ ᠤᠯᠠᠨ ᠤ ᠠᠩᠬᠠᠷᠦᠯ ᠢ ᠲᠠᠳᠠᠵᠦ ᠪᠠᠶᠢᠳᠠᠭ᠃ ᠡᠨᠡᠬᠦ ᠪᠠᠶᠢᠳᠠᠯ ᠢ ᠰᠠᠶᠢᠵᠢᠷᠠᠭᠤᠯᠬᠤ ᠶᠢᠨ ᠲᠦᠯᠦᠬᠡ᠂ 2020 ᠤᠨ ᠳᠤ᠂ ᠬᠦᠭᠵᠢᠯᠳᠤ ᠬᠠᠷᠢᠶᠠᠳᠤ ᠤᠷᠤᠨ ᠤ ᠪᠠᠨ ᠲᠤᠳᠤᠷᠠᠬᠢ ︽ᠴᠠᠬᠳᠠᠭ᠎ᠠ ᠠᠷᠠᠳ ᠬᠤᠯᠪᠤᠭᠠᠯᠠᠨ ᠰᠡᠷᠬᠡᠶᠢᠯᠡᠬᠦ ︾ ︽ᠤᠯᠠᠭᠠᠨ ᠬᠠᠨᠴᠦᠢ ᠶᠢᠨ ᠲᠡᠮᠳᠡᠭ︾ ︽ᠰᠢᠷ᠎ᠠ ᠬᠠᠨᠵᠢᠶᠠᠷᠢ︾ ᠵᠡᠷᠭᠡ ᠤᠯᠠᠨ ᠢᠶᠠᠷ ᠢᠶᠠᠨ ᠰᠡᠷᠬᠡᠶᠢᠯᠡᠨ ᠤᠯᠠᠨ ᠢᠶᠠᠷ ᠢᠶᠠᠨ ᠵᠠᠰᠠᠬᠤ ᠵᠤᠬᠢᠶᠠᠨ ᠪᠠᠶᠢᠭᠤᠯᠤᠯᠳᠠ ᠶᠢ ᠨᠡᠶᠢᠳᠭᠡᠭᠰᠡᠨ ᠪᠦᠭᠡᠳ ᠲᠤᠤᠷᠵᠢᠭᠤᠯᠤᠬᠴᠢ᠂ ᠲᠦᠷᠭᠡᠨ ᠭᠤᠪᠢᠭᠤᠯᠭ᠎ᠠ ᠶᠢᠨ ᠠᠵᠢᠯᠳᠠᠨ᠂ ᠲᠦᠷᠢᠶᠡᠰᠦᠨ ᠮᠠᠰᠢᠨ ᠤ ᠵᠢᠯᠤᠭᠤᠴᠢ ᠵᠡᠷᠭᠡ ᠶᠢ ᠵᠤᠬᠢᠴᠠᠭᠤᠯᠤᠨ᠂ ᠬᠦᠳᠡᠯᠦᠩᠬᠦᠢ ᠴᠢᠨᠠᠷᠳᠠᠢ ᠤᠯᠠᠨ ᠲᠦᠮᠡᠨ ᠤ ᠬᠦᠴᠦᠨ ᠪᠤᠯᠭᠠᠵᠦ᠂ ᠷᠠᠰᠢᠶᠠᠨ ᠬᠤᠳᠠ ᠶᠢᠨ ︽ᠴᠠᠰᠦᠳᠤ ᠬᠤᠳᠠ ᠶᠢᠨ ᠵᠢᠷᠦᠮ ᠤᠨ ᠴᠠᠬᠳᠠᠭ᠎ᠠ︾ ᠶᠢᠨ ᠠᠮᠦᠷ ᠢ ᠬᠠᠮᠠᠭᠠᠯᠠᠬᠤ ᠬᠤᠯᠪᠤᠭᠠᠯᠠᠨ ᠰᠡᠷᠬᠡᠶᠢᠯᠡᠬᠦ ᠡᠩᠨᠡᠭᠡ ᠶᠢ ᠪᠠᠶᠢᠭᠤᠯᠵᠦ᠂ ᠡᠯ᠎ᠡ ᠦᠨᠳᠦᠰᠦᠳᠡᠨ ᠤ ᠡᠶ᠎ᠡ ᠨᠠᠶᠢᠷᠳᠠᠢ ᠠᠮᠢᠳᠦᠷᠠᠬᠤ ᠳᠤ ᠪᠠᠳᠦ ᠴᠢᠩᠭ᠎ᠠ ᠬᠦᠳᠡᠯᠭᠡᠭᠴᠢ ᠬᠦᠴᠦᠨ ᠤᠯᠭᠤᠬᠰᠠᠨ ᠪᠠᠶᠢᠨ᠎ᠠ᠃      ᠲᠦᠷᠪᠡᠨ ᠵᠢᠯ ᠤᠨ ᠲᠤᠷᠰᠢ᠂ ︽ᠴᠠᠰᠦᠳᠤ ᠬᠤᠳᠠ ᠶᠢᠨ ᠵᠢᠷᠦᠮ ᠤᠨ ᠴᠠᠬᠳᠠᠭ᠎ᠠ︾ ᠶᠢᠨ ᠡᠩᠨᠡᠭᠡ ᠶᠢ ᠲᠠᠰᠦᠷᠠᠯᠳᠠ ᠦᠬᠡᠢ ᠪᠤᠵᠠᠭᠠᠶᠢᠷᠠᠭᠤᠯᠵᠦ᠂ ᠤᠳᠤ ᠨᠢᠬᠡᠨᠳᠡ 9 ᠬᠤᠪᠢᠶᠠᠷᠢ ᠨᠡᠶᠢᠬᠡᠮᠯᠢᠭ ᠪᠠᠶᠢᠭᠤᠯᠵᠦ᠂ ᠨᠠᠶᠢᠬᠡᠮᠯᠢᠭ ᠤᠨ ᠬᠡᠰᠢᠭᠦᠨ ᠤ ᠲᠤᠭ᠎ᠠ ᠨᠢ 681 ᠬᠦᠷᠴᠡᠢ᠃ ᠲᠡᠳᠡ ᠪᠤᠯ ᠠᠶᠢᠯ ᠰᠠᠭᠠᠬᠠᠯᠳᠠ ᠶᠢᠨ ᠬᠠᠷᠢᠴᠠᠭ᠎ᠠ ᠶᠢ ᠵᠤᠬᠢᠴᠠᠭᠤᠯᠬᠤ ︽ᠠᠯᠳᠠᠨ ᠲᠡᠮᠳᠡᠭᠳᠤ ᠲᠤᠬᠢᠷᠠᠭᠤᠯᠤᠬᠴᠢ︾ ᠪᠠᠶᠢᠵᠦ᠂ ᠵᠦᠷᠢᠴᠡᠯ ᠢ ᠨᠠᠮᠳᠠᠭᠤᠯᠵᠦ᠂ ᠡᠶ᠎ᠡ ᠨᠠᠶᠢᠷᠠᠮᠳᠠᠯ ᠢ ᠠᠬᠢᠭᠤᠯᠵᠦ ᠪᠠᠶᠢᠨ᠎ᠠ᠃ ᠲᠦᠷᠪᠡᠨ ᠵᠢᠯ ᠤᠨ ᠲᠤᠷᠰᠢ᠂ ︽ᠴᠠᠰᠦᠳᠤ ᠬᠤᠳᠠ ᠶᠢᠨ ᠵᠢᠷᠦᠮ ᠤᠨ ᠴᠠᠬᠳᠠᠭ᠎ᠠ︾ ᠬᠠᠷᠢᠶᠠᠳᠤ ᠤᠷᠤᠨ ᠤ ᠪᠠᠨ ᠤᠯᠠᠨ ᠲᠦᠮᠡᠨ ᠳᠤ ᠬᠠᠤᠯᠢ ᠴᠠᠭᠠᠵᠡ ᠶᠢ ᠲᠦᠬᠡᠮᠡᠯᠵᠢᠬᠦᠯᠬᠦ ᠠᠵᠢᠯᠯᠠᠭ᠎ᠠ ᠶᠢ ᠰᠤᠷᠭᠠᠭᠤᠯᠢ ᠶᠢᠨ ᠬᠦᠷᠢᠶ᠎ᠡ᠂ ᠨᠡᠶᠢᠬᠡᠮ ᠲᠤᠭᠤᠷᠢᠭ᠂ ᠠᠵᠦ ᠠᠬᠤᠶᠢᠯᠠᠯ ᠵᠡᠷᠭᠡ ᠳᠤ ᠤᠷᠤᠭᠤᠯᠵᠦ᠂ 600 ᠭᠠᠷᠦᠢ ᠤᠳᠠᠭ᠎ᠠ ᠶᠢᠨ ᠰᠠᠶᠢᠨ ᠲᠤᠷ᠎ᠠ ᠶᠢᠨ ᠦᠢᠯᠡᠴᠢᠯᠡᠭᠡ ᠶᠢᠨ ᠠᠵᠢᠯᠯᠠᠭ᠎ᠠ ᠦᠷᠨᠢᠬᠦᠯᠵᠦ᠂ ᠪᠤᠳᠠᠳᠠᠢ ᠦᠢᠯᠡ ᠠᠵᠢᠯᠯᠠᠭ᠎ᠠ ᠪᠠᠷ ᠢᠶᠠᠨ ᠷᠠᠰᠢᠶᠠᠨ ᠬᠤᠳᠠ ᠶᠢᠨ ᠠᠮᠦᠷ ᠲᠤᠬᠳᠠᠭᠤᠨ ᠢ ᠬᠠᠮᠠᠭᠠᠯᠠᠵᠦ ᠪᠤᠢ᠃
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号