ᠬᠤᠲᠠ ᠶᠢᠨ ᠬᠢᠨᠠᠨ ᠪᠤᠳᠤᠬᠤ ᠲᠣᠪᠴᠢᠶ᠎ᠠ 2023 ᠣᠨ ᠤ ᠬᠢᠨᠠᠨ ᠪᠤᠳᠤᠬᠤ ᠠᠵᠢᠯ ᠢᠶᠠᠨ ᠠᠮᠵᠢᠯᠳᠡ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/7/2
     3 ᠰᠠᠷ᠎ᠠ ᠶᠢᠨ ᠰᠡᠭᠦᠯᠴᠢ ᠠᠴᠠ ᠡᠬᠢᠯᠡᠨ᠂ ᠬᠤᠲᠠ ᠶᠢᠨ ᠬᠢᠨᠠᠨ ᠪᠤᠳᠤᠬᠤ ᠲᠣᠪᠴᠢᠶ᠎ᠠ 2023 ᠣᠨ ᠤ ᠲᠣᠰ ᠱᠠᠲᠤᠨ ᠤ ᠲᠥᠰᠦᠪ ᠢ ᠭᠦᠢᠴᠡᠳᠭᠡᠭᠰᠡᠨ ᠪᠠᠶᠢᠳᠠᠯ ᠳᠤ ᠬᠢᠨᠠᠨ ᠪᠤᠳᠤᠯᠲᠠ ᠬᠢᠵᠦ᠂ ᠨᠡᠶᠢᠲᠡ ᠵᠢᠷᠭᠤᠭᠠᠨ ᠰᠠᠯᠠᠭ᠎ᠠ ᠮᠥᠴᠢᠷ ᠤᠨ ᠬᠢᠨᠠᠨ ᠪᠤᠳᠤᠯᠲᠠ ᠶᠢ ᠤᠷᠲᠤᠳᠬᠠᠪᠠ᠃ ᠬᠢᠨᠠᠨ ᠪᠤᠳᠤᠬᠤ ᠶᠠᠪᠤᠴᠠ ᠳᠤ᠂ ᠡᠯ᠎ᠡ ᠰᠠᠯᠠᠭ᠎ᠠ ᠮᠥᠴᠢᠷ ᠤᠨ ᠠᠵᠢᠯ ᠤᠨ ᠣᠨᠴᠠᠯᠢᠭ ᠢ ᠦᠨᠳᠦᠰᠦᠯᠡᠨ᠂ ᠲᠥᠰᠦᠪ ᠢ ᠨᠠᠶᠢᠷᠠᠭᠤᠯᠤᠨ ᠵᠣᠬᠢᠶᠠᠭᠰᠠᠨ ᠪᠠ ᠬᠡᠷᠡᠭᠵᠢᠭᠦᠯᠦᠭᠰᠡᠨ ᠪᠠᠶᠢᠳᠠᠯ᠂ ᠡᠯ᠎ᠡ ᠵᠦᠢᠯ ᠤᠨ ᠪᠠᠯᠠ ᠮᠥᠩᠭᠦ ᠶᠢᠨ ᠬᠠᠮᠢᠶᠠᠷᠤᠯᠲᠠ ᠶᠢᠨ ᠪᠠᠶᠢᠳᠠᠯ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ᠂ ᠨᠢᠭᠲᠠᠯᠠᠨ ᠪᠤᠳᠤᠵᠤ ᠲᠣᠭᠠᠴᠠᠭ᠎ᠠ ᠬᠢᠭᠰᠡᠨ ᠬᠠᠮᠢᠶᠠᠷᠤᠯᠲᠠ ᠵᠡᠷᠭᠡ ᠲᠠᠯ᠎ᠠ ᠶᠢᠨ ᠠᠭᠤᠯᠭ᠎ᠠ ᠶᠢ ᠠᠩᠬᠠᠷᠴᠤ᠂ ᠭᠤᠤᠯᠳᠠᠯᠭ᠎ᠠ ᠶᠢ ᠠᠳᠬᠤᠨ ᠬᠢᠨᠠᠨ ᠪᠤᠳᠤᠬᠤ ᠠᠵᠢᠯ ᠢ ᠥᠷᠨᠢᠭᠦᠯᠪᠡ᠃      ᠨᠢᠭᠡ ᠳᠤ᠂ ᠲᠥᠰᠦᠪ ᠢ ᠨᠠᠶᠢᠷᠠᠭᠤᠯᠤᠨ ᠵᠣᠬᠢᠶᠠᠭᠰᠠᠨ ᠪᠠ ᠬᠡᠷᠡᠭᠵᠢᠭᠦᠯᠦᠭᠰᠡᠨ ᠪᠠᠶᠢᠳᠠᠯ ᠢ ᠠᠩᠬᠠᠷᠴᠤ᠂ ᠭᠤᠤᠯᠳᠠᠭᠤ ᠲᠥᠰᠦᠪ ᠢ ᠨᠠᠶᠢᠷᠠᠭᠤᠯᠤᠨ ᠵᠣᠬᠢᠶᠠᠭᠰᠠᠨ ᠪᠠᠶᠢᠳᠡᠯ ᠨᠢ ᠪᠥᠬᠦ ᠲᠠᠯ᠎ᠠ ᠶᠢᠨ ᠪᠠᠶᠢᠬᠤ ᠡᠰᠡᠬᠦ᠂ ᠲᠥᠰᠦᠪ ᠢ ᠭᠦᠢᠴᠡᠳᠭᠡᠭᠰᠡᠨ ᠪᠠᠶᠢᠳᠡᠯ ᠨᠢ ᠪᠣᠳᠠᠲᠠᠶᠢᠵᠢᠭᠰᠠᠨ ᠡᠰᠡᠬᠦ᠂ ᠭᠠᠶᠢᠯᠢ ᠶᠢᠨ ᠪᠤᠰᠤ ᠣᠷᠣᠯᠭ᠎ᠠ ᠶᠢ ᠴᠠᠭ ᠲᠤᠬᠠᠶ ᠳᠤᠨᠢ ᠲᠤᠰᠢᠶᠠᠭᠰᠠᠨ ᠡᠰᠡᠬᠦ᠂ ᠦᠯᠡᠳᠡᠭᠡᠨ ᠠᠪᠤᠭᠰᠠᠨ᠂ ᠨᠡᠭᠦᠯᠭᠡᠨ ᠬᠡᠷᠡᠭᠯᠡᠭᠰᠡᠨ ᠪᠤᠶᠤ ᠥᠷᠢᠲᠦᠭᠰᠡᠨ ᠵᠡᠷᠭᠡ ᠠᠰᠠᠭᠤᠳᠠᠯ ᠢ ᠬᠢᠨᠠᠨ ᠪᠠᠶᠢᠴᠠᠭᠠᠪᠠ᠃ ᠬᠤᠶᠠᠷ ᠲᠤ ᠪᠡᠯᠡ ᠮᠥᠩᠭᠦ ᠶᠢᠨ ᠬᠠᠮᠢᠶᠠᠷᠤᠯᠲᠠ ᠶᠢᠨ ᠪᠠᠶᠢᠳᠠᠯ ᠢ ᠠᠩᠬᠠᠷᠴᠤ᠂ ᠭᠤᠣᠯᠳᠠᠭᠤ ᠡᠯ᠎ᠡ ᠵᠦᠢᠯ ᠤᠨ ᠪᠡᠯᠡ ᠮᠥᠩᠭᠦ ᠶᠢ ᠲᠥᠰᠦᠪ ᠤᠨ ᠵᠠᠷᠤᠯᠭ᠎ᠠ ᠪᠠᠷ ᠪᠣᠳᠣᠭᠰᠠᠨ ᠡᠰᠡᠬᠦ᠂ ᠲᠥᠰᠦᠪ ᠠᠴᠠ ᠳᠠᠪᠠᠭᠰᠠᠨ ᠡᠰᠡᠬᠦ᠂ ᠲᠥᠰᠦᠪ ᠤᠨ ᠵᠠᠷᠤᠯᠭ᠎ᠠ ᠪᠠᠶᠢᠬᠤ ᠡᠰᠡᠬᠦ ᠵᠡᠷᠭᠡ ᠠᠰᠠᠭᠤᠳᠠᠯ ᠢ ᠬᠢᠨᠠᠨ ᠪᠠᠶᠢᠴᠠᠭᠠᠨ᠎ᠠ᠃ ᠭᠤᠷᠪᠠ ᠳᠤ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠠᠩᠬᠠᠷᠴᠤ᠂ ᠭᠤᠤᠯᠳᠠᠭᠤ ᠬᠤᠳᠠᠯᠳᠤᠨ ᠣᠷᠣᠭᠤᠯᠤᠭᠰᠠᠨ ᠡᠳ᠋ ᠬᠥᠷᠥᠩᠭᠡ ᠨᠢ ᠴᠠᠭ ᠲᠤᠬᠠᠶ ᠳᠤᠨᠢ ᠲᠠᠩᠰᠠᠨ ᠳᠤ ᠣᠷᠣᠭᠤᠯᠤᠨ ᠬᠠᠮᠢᠶᠠᠷᠤᠭᠰᠠᠨ ᠡᠰᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠢᠮ ᠢ ᠬᠡᠷᠡᠭᠵᠢᠭᠦᠯᠦᠭᠰᠡᠨ ᠡᠰᠡᠬᠦ᠂ ᠡᠳ᠋ ᠬᠥᠷᠥᠩᠭᠡ ᠶᠢ ᠰᠢᠢᠳᠪᠦᠷᠢᠯᠡᠬᠦ ᠶᠠᠪᠤᠴᠠ ᠨᠢ ᠲᠣᠭᠲᠠᠭᠠᠯ ᠳᠤ ᠨᠡᠶᠢᠴᠡᠬᠦ ᠡᠰᠡᠬᠦ ᠵᠡᠷᠭᠡ ᠠᠰᠠᠭᠤᠳᠠᠯ ᠢ ᠬᠢᠨᠠᠨ ᠪᠠᠶᠢᠴᠠᠭᠠᠪᠠ᠃ ᠳᠥᠷᠪᠡ ᠳᠤ ᠨᠢᠭᠲᠠᠯᠠᠨ ᠪᠤᠳᠤᠬᠤ ᠲᠣᠭᠠᠴᠠᠭ᠎ᠠ ᠬᠢᠬᠦ ᠬᠠᠮᠢᠶᠠᠷᠤᠯᠲᠠ ᠶᠢᠨ ᠪᠠᠶᠢᠳᠠᠯ ᠢ ᠠᠩᠬᠠᠷᠴᠤ᠂ ᠭᠤᠤᠯᠳᠠᠭᠤ ᠨᠢᠭᠲᠠᠯᠠᠨ ᠪᠤᠳᠤᠬᠤ ᠲᠣᠭᠠᠴᠠᠭ᠎ᠠ ᠬᠢᠬᠦ ᠨᠢ ᠴᠠᠭ ᠲᠤᠬᠠᠶ ᠳᠤ ᠨᠢ ᠪᠠᠶᠢᠬᠤ ᠡᠰᠡᠬᠦ᠂ ᠲᠠᠩᠰᠠ ᠬᠠᠷ᠎ᠠ ᠶᠢ ᠰᠢᠢᠳᠪᠦᠷᠢᠯᠡᠬᠦ ᠨᠢ ᠵᠢᠷᠤᠮᠵᠢᠭᠤᠨ ᠪᠠᠶᠢᠬᠤ ᠡᠰᠡᠬᠦ᠂ ᠨᠢᠭᠲᠠᠯᠠᠨ ᠪᠤᠳᠤᠬᠤ ᠲᠦᠷᠢᠮ ᠨᠢ ᠪᠦᠷᠢᠨ ᠪᠠᠶᠢᠬᠤ ᠡᠰᠡᠬᠦ ᠵᠡᠷᠭᠡ ᠠᠰᠠᠭᠤᠳᠠᠯ ᠢ ᠬᠢᠨᠠᠨ ᠪᠠᠶᠢᠴᠠᠭᠠᠵᠡᠢ᠃      ᠬᠤᠲᠠ ᠶᠢᠨ ᠬᠢᠨᠠᠨ ᠪᠣᠳᠣᠬᠤ ᠲᠣᠪᠴᠢᠶ᠎ᠠ ᠬᠢᠨᠠᠨ ᠪᠣᠳᠣᠬᠤ ᠶᠠᠪᠤᠴᠠ ᠳᠤ ᠡᠯ᠎ᠡ ᠰᠠᠯᠠᠭ᠎ᠠ ᠮᠥᠴᠢᠷ ᠲᠠᠢ ᠢᠳᠡᠪᠬᠢᠲᠡᠢ ᠨᠡᠪᠲᠡᠷᠡᠯᠴᠡᠵᠦ᠂ ᠬᠢᠨᠠᠨ ᠪᠣᠳᠣᠯᠲᠠ ᠬᠢᠯᠭᠡᠬᠦ ᠪᠠᠶᠢᠭᠤᠯᠭ᠎ᠠ ᠶᠢᠨ ᠵᠥᠪᠰᠢᠶᠡᠷᠡᠯ ᠢ ᠣᠯᠪᠠ᠃ ᠲᠠᠷᠠᠭᠠᠴᠢ ᠶᠢᠨ ᠠᠯᠬᠤᠮ ᠳᠤ ᠬᠤᠲᠠ ᠶᠢᠨ ᠬᠢᠨᠠᠨ ᠪᠤᠳᠤᠬᠤ ᠲᠣᠪᠴᠢᠶ᠎ᠠ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠡᠯ᠎ᠡ ᠲᠥᠰᠦᠪ ᠢ ᠭᠦᠢᠴᠡᠳᠭᠡᠬᠦ ᠰᠠᠯᠠᠭ᠎ᠠ ᠮᠥᠴᠢᠷ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠪᠠ ᠨᠢᠭᠲᠠᠯᠠᠨ ᠪᠤᠳᠤᠬᠤ ᠰᠠᠭᠤᠷᠢ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢ ᠠᠬᠢᠭᠤᠯᠵᠤ᠂ ᠲᠥᠰᠦᠪ ᠤᠨ ᠬᠠᠮᠢᠶᠠᠷᠤᠯᠲᠠ ᠶᠢ ᠴᠢᠩᠳᠠᠯᠠᠵᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠵᠢᠷᠤᠮᠵᠢᠭᠰᠠᠨ ᠠᠵᠢᠯᠯᠠᠭᠠᠨ ᠢ ᠦᠨᠡᠨ ᠬᠦ ᠪᠠᠲᠤᠯᠠᠨ᠎ᠠ᠃
 
ᠢᠷᠡᠯᠲᠡ᠄ ᠷᠡᠰᠢᠶᠠᠨ ᠬᠤᠲᠠ ᠶᠢᠨ ᠬᠢᠨᠠᠨ ᠪᠤᠳᠤᠬᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号