ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠤᠯᠤᠭᠠᠨ ᠰᠠᠷ᠎ᠠ ᠶᠢᠨ ᠨᠢᠭᠡᠨ ᠤ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/2
     ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠨᠠᠮ ᠤᠨ ᠭᠡᠷᠡᠯ ᠰᠠᠴᠤᠷᠠᠩᠭᠤᠢ ᠲᠡᠦᠬᠡ ᠶᠢ ᠲᠠᠬᠢᠨ ᠡᠷᠭᠢᠴᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠲᠠᠶᠢᠴᠢᠯᠡᠨ ᠵᠢᠯᠤᠭᠤᠳᠴᠤ ᠪᠠᠶᠢᠭᠠᠳ ᠬᠤᠪᠢᠰᠬᠠᠯ ᠤᠨ ᠵᠣᠷᠢᠭ ᠰᠠᠨᠠᠭ᠎ᠠ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠬᠤ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠬᠦᠷᠴᠦ ᠢᠷᠡᠬᠦ ᠲᠠᠰᠢᠷᠠᠮ ᠢᠶᠠᠷ᠂ 6 ᠰᠠᠷ᠎ᠠ ᠶᠢᠨ 28 ᠤ ᠡᠳᠦᠷ᠂ ᠷᠡᠰᠢᠶᠠᠨ ᠬᠤᠳᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠨᠠᠮ ᠤᠨ ᠭᠡᠰᠢᠭᠦᠨ ᠺᠠᠳ᠋ᠷ ᠪᠠ ᠢᠳᠡᠪᠬᠢᠲᠡᠨ ᠢ ᠵᠣᠬᠢᠶᠠᠨ ᠪᠠᠶᠢᠭᠤᠯᠵᠤ ᠲᠤᠰ ᠲᠤᠰ ᠡᠮᠦᠨ᠎ᠡ ᠬᠢᠩᠭᠠᠨ ᠬᠤᠶᠠᠳᠤᠭᠠᠷ ᠲᠠᠶᠢᠨ ᠤ ᠪᠠᠭᠤᠷᠢ᠂ ᠷᠠᠰᠢᠶᠠᠨ ᠬᠤᠳᠠ ᠶᠢᠨ ᠭᠠᠵᠠᠷ ᠰᠢᠨᠵᠢᠯᠡᠭᠡᠨ ᠤ ᠮᠦᠽᠧᠢ ᠪᠠᠷ ᠬᠦᠷᠴᠦ ︽ᠰᠡᠳᠬᠢᠯ ᠨᠢᠭᠡᠳᠦᠨ ᠨᠠᠮ ᠢᠶᠠᠨ ᠲᠠᠭᠠᠵᠣ ᠲᠤᠯᠤᠭᠠᠨ ᠰᠠᠷ᠎ᠠ ᠶᠢᠨ ᠨᠢᠭᠡᠨ ᠢ ᠪᠡᠯᠭᠡᠯᠡᠵᠦ ᠰᠢᠨ᠎ᠡ ᠠᠶᠠᠨ ᠢᠶᠠᠨ ᠡᠬᠢᠯᠡᠭᠦᠯᠬᠦ︾ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭᠠᠨ ᠤ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠪᠠᠶᠢᠯᠳᠣᠬᠤ ᠬᠦᠴᠦᠨ᠂ ᠤᠷᠢᠶᠠᠯᠠᠬᠤ ᠬᠦᠴᠦᠨ ᠢ ᠳᠡᠭᠡᠭᠰᠢᠯᠡᠭᠦᠯᠦᠨ᠂ ᠨᠠᠮ ᠤᠨ ᠭᠡᠰᠢᠭᠦᠨ ᠺᠠᠳ᠋ᠷᠴᠤᠳ ᠤᠨ ᠢᠷᠠᠭᠤ ᠠᠯᠳᠠᠷᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠬᠥᠭᠵᠢᠭᠡᠪᠡ᠃ ᠨᠠᠮ ᠤᠨ ᠭᠡᠰᠢᠭᠦᠳ ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠡᠷᠬᠢᠮ ᠳᠡᠭᠡᠳᠦ ᠵᠣᠷᠢᠭ ᠰᠠᠨᠠᠭ᠎ᠠ ᠶᠢ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠤᠢ ᠰᠢᠭᠤᠢ ᠨᠤᠲᠤᠭ ᠪᠡᠯᠴᠢᠭᠡᠷ ᠤᠨ ᠡᠯ᠎ᠡ ᠵᠦᠢᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠷᠡᠰᠢᠶᠠᠨ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号