6 ᠰᠠᠷ᠎ᠠ ᠶᠢᠨ 26 ᠤ ᠡᠳᠦᠷ᠂ ︽ᠲᠤᠮᠳᠠᠳᠦ ᠶᠢᠨ ᠦᠨᠳᠦᠰᠦᠳᠠᠨ ᠤ ᠬᠠᠮᠳᠦ ᠶᠢᠨ ᠴᠤᠭᠴᠠ ᠶᠢᠨ | ᠤᠬᠠᠮᠰᠠᠷ ᠢ ᠪᠠᠳᠦ ᠴᠤᠭᠴᠠᠯᠠᠨ ᠲᠤᠮᠳᠠᠳᠦ ᠶᠢᠨ ᠦᠨᠳᠦᠰᠦᠳᠡᠨ ᠨᠢᠭᠡ ᠭᠡᠷ ᠪᠦᠯᠢ ᠮᠡᠳᠦ ᠲᠤᠳᠤᠨᠤ︾ ᠭᠡᠬᠦ ᠭᠤᠤᠯ | ᠰᠡᠳᠦᠪᠳᠦ ᠤᠬᠠᠭᠤᠯᠭ᠎ᠠ ᠶᠢᠨ ᠠᠵᠢᠯᠯᠠᠭ᠎ᠠ ᠶᠢᠨ ᠰᠤᠷᠪᠤᠯᠵᠢᠯᠠᠭᠴᠢᠳ ᠤᠯᠤᠰ ᠤᠨ ᠠᠮᠢ ᠠᠬᠤᠢ ᠶᠢᠨ | ᠵᠢᠭᠤᠯᠴᠢᠯᠠᠯ ᠤᠨ ᠵᠢᠱᠢᠶ᠎ᠡ ᠦᠵᠡᠬᠦᠯᠬᠦ ᠤᠷᠤᠨ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ | ᠠᠭᠤᠯᠠ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠭᠠᠵᠠᠷ ᠪᠣᠯᠬᠤ ᠷᠠᠰᠢᠶᠠᠨ ᠬᠤᠳᠠ ᠪᠠᠷ ᠰᠤᠷᠪᠤᠯᠵᠢᠯᠠᠵᠦ᠂ | ᠬᠢᠩᠭᠠᠨ ᠠᠶᠢᠮᠠᠭ ᠤᠨ ᠦᠨᠳᠦᠰᠦᠲᠡᠨ ᠤ ᠠᠭᠤᠰᠤᠯᠴᠠᠯ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ᠂ ᠵᠣᠯ | ᠵᠢᠷᠭᠠᠯ ᠢ ᠬᠠᠮᠲᠤᠪᠠᠷ ᠴᠣᠭᠴᠠᠯᠠᠭᠰᠠᠨ ᠰᠡᠳᠭᠢᠯ ᠬᠥᠳᠡᠯᠭᠡᠮ᠎ᠡ ᠦᠯᠢᠭᠡᠷ ᠢ ᠰᠤᠨᠤᠰᠴᠦ ᠦᠪᠡᠷ ᠤᠨ ᠡᠷᠬᠡ ᠦᠭᠡᠢ | ᠰᠡᠳᠭᠢᠯ ᠲᠤᠬᠳᠤᠯᠪᠠ᠃ | ᠦᠨᠳᠦᠰᠦᠲᠡᠨ ᠤ ᠵᠢᠷᠤᠭᠲᠤ ᠰᠡᠳᠬᠦᠯ ᠤᠨ ᠰᠤᠷᠪᠤᠯᠵᠢᠯᠠᠭᠴᠢ ᠲᠧᠩ ᠵᠢᠶᠦ᠋ᠨ ᠷᠠᠰᠢᠶᠠᠨ ᠤ ᠪᠣᠭᠤᠮᠲᠠ ᠶᠢᠨ | ᠦᠵᠡᠮᠵᠢ ᠶᠢᠨ ᠣᠷᠣᠨ ᠳᠠᠬᠢ ︽ᠵᠢᠷᠦᠭᠡᠨ ᠠᠴᠠ ᠤᠶᠠᠭᠠᠳᠠᠢ ᠡᠭᠡ ᠤᠷᠤᠨ ᠮᠢᠨᠢ︾ ᠭᠡᠬᠦ ᠴᠢᠯᠠᠭᠤᠨ ᠬᠦᠰᠢᠶ᠎ᠡ ᠶᠢᠨ | ᠬᠠᠵᠠᠭᠤ ᠳᠤ ᠰᠡᠬᠦᠳᠡᠷ ᠲᠠᠳᠠᠵᠦ᠂ ᠤᠯᠤᠰ ᠤᠨ ᠬᠠᠭᠠᠯᠭ᠎ᠠ ᠶᠢᠨ ᠪᠦᠬᠦ ᠲᠦᠷᠰᠦ ᠪᠠᠶᠢᠳᠠᠯ ᠪᠤᠯᠤᠨ ᠦᠷᠭᠡᠨ | ᠠᠭᠤᠳᠠᠮ ᠬᠦᠬᠡᠮᠳᠦᠭ ᠨᠤᠭᠤᠭᠠᠨ ᠠᠭᠤᠯᠠ ᠤᠰᠤ ᠶᠢ ᠦᠪᠡᠷ ᠤᠨ ᠲᠤᠷᠠᠨ ᠬᠠᠷᠠᠭᠠᠨ ᠳᠠᠭᠠᠨ ᠦᠯᠡᠳᠡᠭᠡᠨ᠎ᠠ᠃ | ᠷᠠᠰᠢᠶᠠᠨ ᠪᠣᠭᠤᠮᠲᠠ ᠳᠤᠮᠳᠠᠳᠤ ᠮᠣᠩᠭᠤᠯ ᠤᠨ ᠬᠢᠯᠢ ᠶᠢᠨ 1382 — 1383 ᠨᠣᠮᠧᠷᠲᠤ ᠬᠢᠯᠢ ᠶᠢᠨ | ᠲᠡᠮᠳᠡᠭ ᠤᠨ ᠬᠤᠭᠤᠷᠣᠨᠳᠣ ᠪᠠᠶᠢᠷᠢᠯᠠᠵᠤ᠂ ᠮᠣᠩᠭᠤᠯ ᠤᠯᠤᠰ ᠤᠨ ᠳᠣᠷᠣᠨᠠᠲᠤ ᠠᠶᠢᠮᠠᠭ ᠤᠨ ᠰᠦᠮᠪᠦᠷ ᠪᠣᠭᠤᠮᠲᠠ ᠲᠠᠢ | ᠨᠢᠭᠤᠷᠯᠠᠵᠦ᠂ ᠮᠠᠨ ᠤ ᠤᠯᠤᠰ ᠤᠨ ᠮᠣᠩᠭᠤᠯ ᠤᠯᠤᠰ ᠲᠤ ᠨᠡᠭᠡᠭᠡᠭᠰᠡᠨ ᠤᠯᠠᠨ ᠤᠯᠤᠰ ᠤᠨ 5 ᠪᠤᠭᠤᠮᠳᠠ ᠶᠢᠨ ᠨᠢᠭᠡ | ᠪᠤᠯᠤᠨ᠎ᠠ᠃ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠪᠣᠯ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢᠨ | ᠨᠢᠭᠡ ᠪᠣᠯᠤᠨ᠎ᠠ᠂ ᠨᠡᠩ ᠴᠤ ᠬᠢᠩᠭᠠᠨ ᠠᠶᠢᠮᠠᠭ ᠤᠨ ᠡᠷᠬᠡᠪᠰᠢ ᠰᠠᠶᠢᠲᠤᠷ ᠭᠦᠢᠴᠡᠳᠭᠡᠬᠦ ᠴᠢᠬᠤᠯᠠ ᠶᠡᠭᠡ | ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠪᠤᠯᠬᠤ ᠶᠤᠮ᠃ | ᠷᠠᠰᠢᠶᠠᠨ ᠬᠤᠳᠠ ᠶᠢᠨ ᠲᠢᠶᠠᠨ ᠤᠤᠢ ᠪᠠᠯᠭᠠᠰᠦᠨ ᠤ ᠬᠤᠯᠪᠤᠭᠠᠳᠦ ᠨᠠᠮ ᠤᠨ ᠬᠤᠷᠢᠶᠠᠨ ᠤ 40 ᠭᠠᠷᠤᠢ | ᠨᠠᠮ ᠤᠨ ᠭᠡᠰᠢᠬᠦᠨ ᠺᠠᠳ᠋ᠷ ︽ᠪᠢ ᠰᠠᠶᠢᠨ ᠳᠤᠷ᠎ᠠ ᠠᠴᠠ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠳᠤ ᠤᠷᠤᠵᠤ᠂ | ᠨᠠᠮ ᠤᠨ ᠬᠥᠲᠥᠯᠪᠦᠷᠢ ᠶᠢ ᠬᠦᠷᠢᠶᠡᠯᠡᠵᠦ᠂ ᠨᠠᠮ ᠤᠨ ᠲᠦᠷᠢᠮ ᠢ ᠵᠢᠷᠤᠮᠯᠠᠨ᠎ᠠ ᠁︾ ᠭᠡᠵᠦ ᠰᠦᠷ ᠵᠢᠪᠬᠤᠯᠠᠩᠳᠦ | ᠤᠯᠤᠰ ᠤᠨ ᠬᠠᠭᠠᠯᠭ᠎ᠠ ᠶᠢᠨ ᠡᠮᠦᠨ᠎ᠠ ᠲᠠᠩᠭᠠᠷᠢᠭᠯᠠᠨ᠂ ᠨᠠᠮ ᠤᠨ ᠲᠤᠭ ᠤᠨ ᠡᠮᠦᠨ᠎ᠡ ᠨᠠᠮ ᠳᠤ ᠡᠯᠰᠡᠭᠳᠡᠬᠦ | ᠲᠠᠩᠭᠠᠷᠢᠭ ᠤᠨ ᠦᠭᠡᠰ ᠢ ᠲᠠᠬᠢᠨ ᠡᠷᠭᠢᠴᠡᠭᠦᠯᠪᠡ᠃ ᠲᠤᠬᠠᠢ ᠶᠢᠨ ᠲᠠᠯᠠᠪᠠᠢ ᠳᠠᠬᠢ ᠰᠤᠷᠪᠤᠯᠵᠢᠯᠠᠭᠴᠢᠳ ᠳᠡᠳᠡᠨ ᠲᠠᠢ | ᠬᠠᠮᠲᠤᠪᠠᠷ ᠤᠯᠤᠰ ᠢᠶᠠᠨ ᠬᠠᠶᠢᠷᠠᠯᠠᠬᠤ ᠬᠥᠮᠦᠵᠢᠯ ᠬᠦᠷᠳᠡᠵᠦ᠂ ᠦᠨᠳᠦᠰᠦᠳᠡᠨ ᠤ ᠤᠮᠤᠭ ᠪᠠᠭ᠋ᠠᠳᠤᠯᠳᠤ | ᠰᠡᠳᠭᠢᠯᠭᠡ ᠪᠠᠨ ᠤᠯᠠᠮ ᠢᠶᠠᠷ ᠦᠨᠳᠦᠷᠵᠢᠬᠦᠯᠪᠡ᠃ | ᠰᠤᠷᠪᠤᠯᠵᠢᠯᠠᠬᠤ ᠪᠦᠯᠬᠦᠮ ᠤᠨ ᠬᠢᠨ ᠰᠠᠨ ᠵᠢᠶᠤᠤ ᠱᠠᠨ ᠠᠭᠤᠯᠠᠨ ᠳᠠᠬᠢ ᠠᠮᠠᠷᠠᠭ ᠮᠣᠳᠣᠨ ᠤ ᠲᠤᠤᠷᠠᠬᠢ | ᠰᠡᠳᠬᠢᠯ ᠢ ᠬᠦᠳᠡᠯᠭᠡᠮ᠎ᠡ ᠬᠡᠷᠡᠯ ᠵᠢᠷᠤᠭ ᠢ ᠬᠠᠷᠠᠬᠤ ᠶᠢᠨ ᠳᠠᠭᠠᠤ ᠬᠢᠯᠢ ᠶᠢᠨ ᠬᠠᠮᠠᠭᠠᠯᠠᠯᠲᠠ ᠶᠢᠨ ᠪᠠᠶᠢᠯᠳᠤᠭᠴᠢᠳ ᠤᠨ | ᠠᠮᠠᠷᠠᠭ ᠮᠣᠳᠣᠨ ᠤ ᠦᠯᠢᠭᠡᠷ ᠢ ᠰᠣᠨᠣᠰᠴᠤ᠂ ᠬᠢᠩᠭᠠᠨ ᠠᠶᠢᠮᠠᠭ ᠤᠨ ᠦᠨᠳᠦᠰᠦᠳᠡᠨ ᠨᠦᠭᠦᠳ ᠤᠨ ᠤᠯᠠᠨ | ᠲᠦᠮᠡᠨ ᠤ ᠤᠮᠠᠷᠠᠲᠤ ᠬᠢᠯᠢ ᠶᠢ ᠬᠠᠮᠲᠤᠪᠠᠷ ᠰᠠᠬᠢᠨ ᠬᠠᠮᠠᠭᠠᠯᠠᠵᠤ᠂ ᠰᠠᠬᠢᠨ ᠪᠠᠷᠠᠯᠠᠨ ᠬᠠᠷᠢᠯᠴᠠᠨ ᠬᠠᠪᠰᠤᠷᠤᠯᠴᠠᠵᠤ᠂ | ᠭᠠᠷ ᠬᠤᠯᠪᠣᠨ ᠤᠷᠤᠭᠰᠢᠯᠠᠭᠰᠠᠨ ᠦᠢᠯᠡ ᠠᠵᠢᠯᠯᠠᠭ᠎ᠠ ᠶᠢ ᠬᠦᠢᠴᠡᠳ ᠤᠶᠢᠯᠠᠭᠠᠯ᠎ᠠ᠃ | ︽ᠬᠡᠳᠦᠨ ᠡᠳᠦᠷ ᠰᠤᠷᠪᠤᠯᠵᠢᠯᠠᠭᠠᠳ ︿ᠬᠢᠩᠭᠠᠨ ᠳᠠᠪᠠᠭᠠᠨ ᠳᠠᠬᠢ ᠬᠢᠩᠭᠠᠨ ᠠᠶᠢᠮᠠᠭ﹀ ᠤᠨ | ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠦᠯᠬᠦᠮᠳᠡᠨ ᠲᠡᠮᠡᠴᠡᠵᠦ᠂ ᠢᠷᠡᠭᠡᠳᠦᠢ ᠪᠠᠨ ᠬᠠᠮᠲᠤᠪᠠᠷ ᠴᠣᠭᠴᠠᠯᠠᠨ | ᠪᠠᠶᠢᠭᠤᠯᠬᠤ ᠣᠷᠭᠢᠯᠤᠮ᠎ᠠ ᠰᠡᠳᠭᠢᠯᠭᠡ ᠶᠢ ᠦᠨᠡᠨᠬᠦ ᠮᠡᠳᠡᠷᠡᠵᠡᠢ᠃ ᠪᠢ ᠡᠨᠡ ᠤᠳᠠᠭᠠᠨ ᠤ ᠭᠤᠣᠯ ᠰᠡᠳᠦᠪᠲᠦ | ᠮᠡᠳᠡᠭᠡᠯᠡᠯ ᠢᠶᠠᠷ ᠠᠵᠠ ᠲᠣᠬᠢᠶᠠᠯ ᠪᠣᠯᠭᠠᠨ᠂ ︿ᠲᠦᠷᠪᠡᠨ ᠴᠢᠳᠠᠪᠤᠷᠢ﹀ ᠪᠠᠨ ᠦᠢᠯᠡᠳᠦᠯᠭᠡᠵᠢᠬᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠭᠴᠠᠯᠠᠬᠤ ᠦᠯᠢᠭᠡᠷ ᠢ ᠬᠠᠶᠢᠷ᠎ᠠ | ᠰᠡᠳᠭᠢᠯᠭᠡ ᠲᠠᠢ ᠪᠠᠷ ᠰᠠᠶᠢᠲᠤᠷ ᠶᠠᠷᠢᠨ᠎ᠡ︾ ᠭᠡᠵᠦ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠹᠠᠨ ᠰᠧ ᠰᠢᠶᠠᠩ | ᠬᠡᠯᠡᠵᠦ ᠪᠠᠶᠢᠯ᠎ᠠ᠃ | ᠰᠤᠷᠪᠤᠯᠵᠢᠯᠠᠭ᠎ᠠ ᠶᠢᠨ ᠪᠦᠯᠬᠦᠮ ᠤᠨ ᠬᠢᠨ ᠷᠠᠰᠢᠶᠠᠨ ᠬᠤᠳᠠ ᠶᠢᠨ ᠰᠧᠨ ᠸᠠᠩ ᠨᠡᠶᠢᠭᠡᠮ ᠲᠤᠭᠤᠷᠢᠭ ᠤᠨ | ᠰᠤᠶᠤᠯ ᠤᠨ ᠠᠵᠢᠯᠯᠠᠭ᠎ᠠ ᠶᠢᠨ ᠶᠡᠭᠡ ᠲᠢᠩᠬᠢᠮ ᠳᠤ ᠲᠠᠭᠤᠤ ᠲᠠᠭᠤᠯᠠᠨ ᠪᠦᠵᠢᠭ ᠪᠦᠵᠢᠭᠯᠡᠵᠦ ᠦᠳᠡᠯᠦᠭᠡ ᠨᠠᠰᠤ ᠪᠠᠨ | ᠵᠤᠯ ᠵᠢᠷᠭᠠᠯ ᠲᠠᠢ ᠦᠩᠭᠡᠷᠡᠭᠦᠯᠵᠦ ᠪᠠᠶᠢᠭ᠎ᠠ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠵᠠᠩ ᠶᠠᠨ ᠲᠠᠢ ᠰᠠᠶᠢᠬᠠᠨ | ᠵᠤᠭᠤᠬᠳᠠᠯᠠ᠃ 2018 ᠤᠨ ᠳᠤ᠂ ᠵᠠᠩ ᠶᠠᠨ ᠤ ᠬᠢᠨ ᠬᠡᠳᠦᠨ ᠠᠷᠪᠠᠨ ᠵᠢᠯ ᠰᠠᠭᠤᠭᠰᠠᠨ ᠲᠦᠬᠦᠮ ᠪᠦᠳᠦᠴᠡᠳᠦ | ᠤᠷᠤᠨ ᠰᠠᠭᠤᠴᠠ ᠠᠴᠠ ᠪᠠᠨ ᠰᠠᠯᠵᠦ᠂ ᠴᠡᠪᠡᠷ ᠲᠤᠬᠢᠯᠢᠭ ᠠᠰᠠᠷ ᠲᠤ ᠨᠡᠭᠦᠪᠡ᠃ ︽ᠨᠠᠮ ᠭᠡᠷᠡᠯ ᠬᠢᠯᠪᠠᠭ᠎ᠠ ᠪᠠᠷ ᠢᠶᠠᠨ | ᠬᠢᠯᠢ ᠬᠢᠵᠠᠭᠠᠷ ᠢ ᠬᠡᠶᠢᠬᠦᠯᠦᠨ᠎ᠡ ᠭᠡᠳᠡᠭ ᠢᠶᠠᠷ ᠲᠦᠬᠦᠮ ᠪᠦᠳᠦᠴᠡᠳᠦ ᠤᠷᠤᠨ ᠰᠠᠭᠤᠴᠠ ᠶᠢ ᠦᠭᠡᠷᠡᠴᠢᠯᠡᠨ ᠵᠠᠰᠠᠬᠤ | ᠲᠦᠷᠦᠯ ᠵᠦᠢᠯ ᠦᠭᠡᠢ ᠪᠤᠯ ᠮᠢᠨᠤ ᠤᠳᠤᠬᠢ ᠵᠤᠯ ᠵᠢᠷᠭᠠᠯᠳᠦ ᠠᠮᠢᠳᠤᠷᠠᠯ ᠬᠠᠮᠢᠭ᠎ᠠ ᠠᠴᠠ ᠢᠷᠡᠬᠦ ᠪᠢᠯᠡ︾ ᠭᠡᠵᠦ | ᠵᠠᠩ ᠶᠠᠨ ᠰᠡᠳᠬᠢᠯ ᠲᠤᠭᠳᠤᠯᠤᠨ ᠬᠡᠯᠡᠪᠡ᠃ | ᠰᠧᠨ ᠸᠠᠩ ᠨᠡᠶᠢᠭᠡᠮ ᠲᠣᠭᠤᠷᠢᠭ ᠪᠤᠯ ᠷᠠᠰᠢᠶᠠᠨ ᠬᠤᠳᠠ ᠶᠢᠨ ᠲᠦᠬᠦᠮ ᠪᠦᠳᠦᠴᠡᠳᠦ ᠤᠷᠤᠨ ᠰᠠᠭᠤᠴᠠ ᠶᠢ | ᠦᠭᠡᠷᠡᠴᠢᠯᠡᠨ ᠪᠠᠶᠢᠭᠤᠯᠵᠦ ᠨᠡᠬᠦᠯᠭᠡᠨ ᠲᠦᠪᠬᠢᠨᠡᠬᠦᠯᠬᠦ ᠬᠠᠮᠤᠭ ᠲᠤᠮᠦ ᠨᠡᠶᠢᠭᠡᠮ ᠲᠤᠭᠤᠷᠢᠭ ᠪᠤᠯᠤᠨ᠎ᠠ᠃ ᠡ᠊ᠡᠳᠡ | ᠰᠠᠭᠤᠵᠦ ᠪᠠᠶᠢᠭ᠎ᠠ 400 ᠭᠠᠷᠤᠢ ᠡᠷᠦᠭᠡ ᠪᠦᠷ ᠲᠦᠬᠦᠮ ᠪᠦᠳᠦᠴᠡᠳᠦ ᠤᠷᠤᠨ ᠰᠠᠭᠤᠴᠠ ᠠᠴᠠ ᠨᠡᠬᠦᠵᠦ ᠢᠷᠡᠭᠰᠡᠨ | ᠪᠠᠶᠢᠳᠠᠭ᠃ 2020 ᠣᠨ ᠳᠤ᠂ ᠰᠧᠨ ᠸᠠᠩ ᠨᠡᠶᠢᠭᠡᠮ ᠲᠣᠭᠤᠷᠢᠭ ︽ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠨᠡᠷᠡᠮᠵᠢᠲᠦ︾ ᠤᠢ ᠰᠢᠭᠤᠢ ᠶᠢᠨ ᠵᠢᠵᠢᠭ ᠭᠠᠯᠲᠤ ᠲᠡᠷᠭᠡᠨ ᠦᠷᠳᠡᠭᠡ ᠪᠠᠶᠢᠭᠤᠯᠵᠦ᠂ ᠲᠦᠬᠦᠮ | ᠪᠦᠳᠦᠴᠡᠳᠦ ᠤᠷᠤᠨ ᠰᠠᠭᠤᠴᠠ ᠠᠴᠠ ᠨᠡᠬᠦᠵᠦ ᠢᠷᠡᠭᠰᠡᠨ ᠲᠤᠤᠷ᠎ᠠ ᠤᠷᠤᠯᠭ᠎ᠠ ᠲᠠᠢ ᠬᠦᠮᠦᠰ ᠢᠶᠠᠷ ᠵᠢᠭᠤᠯᠴᠢᠯᠠᠯ ᠤᠨ | ᠦᠢᠯᠡᠰ ᠡᠷᠬᠢᠯᠡᠭᠦᠯᠦᠨ᠂ ᠤᠷᠤᠯᠭ᠎ᠠ ᠶᠢ ᠨᠢ ᠨᠡᠮᠡᠭᠳᠡᠬᠦᠯᠵᠦ ᠪᠠᠶᠠᠵᠢᠯ ᠤᠨ ᠵᠠᠮ ᠢᠶᠠᠷ ᠵᠠᠮᠨᠠᠭᠤᠯᠤᠭᠰᠠᠨ ᠪᠠᠶᠢᠨ᠎ᠠ᠃ | ᠨᠡᠶᠢᠭᠡᠮ ᠲᠤᠭᠤᠷᠢᠭ ᠤᠨ ᠬᠢᠨ ᠪᠠᠰᠠ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠵᠦ | ᠂ ᠡᠯ᠎ᠡ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠲᠤ ᠳᠥᠭᠦᠮ ᠳᠥᠲᠡ᠂ ᠥᠨᠳᠥᠷ ᠪᠦᠲᠦᠮᠵᠢᠲᠡᠶ | ᠦᠢᠯᠡᠴᠢᠯᠡᠭᠡ ᠬᠠᠩᠭᠠᠵᠤ᠂ ᠡᠯ᠎ᠡ ᠦᠨᠳᠦᠰᠦᠳᠡᠨ ᠪᠦᠯᠬᠦᠮᠳᠡᠨ ᠲᠡᠮᠡᠴᠡᠵᠦ᠂ ᠬᠠᠮᠳᠦᠪᠡᠷ ᠵᠤᠯ ᠵᠢᠷᠭᠠᠯᠳᠦ ᠭᠡᠷ | ᠤᠷᠤᠨ ᠢᠶᠠᠨ ᠪᠠᠶᠢᠭᠤᠯᠬᠤ ᠰᠠᠶᠢᠨ ᠰᠠᠶᠢᠬᠠᠨ ᠠᠮᠢᠳᠤᠷᠠᠯ ᠤᠨ ᠤᠷᠴᠢᠨ ᠨᠦᠬᠦᠴᠡᠯ ᠢ ᠨᠡᠶᠢᠭᠡᠮ ᠲᠤᠭᠤᠷᠢᠭ ᠤᠨ ᠤᠯᠠᠨ | ᠲᠦᠮᠡᠨ ᠳᠤ ᠪᠦᠷᠢᠯᠳᠦᠬᠦᠯᠵᠦ ᠦᠭᠬᠦᠭᠰᠡᠨ ᠪᠠᠶᠢᠨ᠎ᠠ᠃ | ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠣᠯ ᠵᠢᠷᠭᠠᠯᠳᠤ ᠠᠮᠢᠳᠤᠷᠠᠯ ᠪᠣᠯ ᠳᠠᠷᠤᠶ | ᠰᠤᠷᠪᠤᠯᠵᠢᠯᠠᠭᠴᠢ ᠶᠢᠨ ᠬᠠᠷᠠᠭᠠᠨ ᠳᠠᠬᠢ ᠰᠤᠷᠪᠤᠯᠵᠢᠯᠠᠭ᠎ᠠ ᠶᠢᠨ ᠭᠤᠤᠯᠳᠠᠯᠭ᠎ᠠ ᠪᠣᠯᠤᠨ᠎ᠠ᠃ ︽ᠷᠠᠰᠢᠶᠠᠨ ᠬᠤᠳᠠ | ᠤᠯᠠᠮ ᠢᠶᠠᠷ ᠬᠦᠭᠵᠢᠵᠦ᠂ ᠤᠯᠠᠨ ᠲᠦᠮᠡᠨ ᠨᠡᠩ ᠵᠣᠯ ᠵᠢᠷᠭᠠᠯᠳᠠᠢ ᠠᠮᠢᠳᠤᠷᠠᠯ ᠢ ᠡᠳ᠋ᠯᠡᠵᠠᠢ᠃ ᠡᠨᠡ ᠪᠣᠯ ᠶᠡᠷᠦᠩᠬᠡᠢ | ᠱᠦᠵᠢ ᠶᠢᠨ ᠬᠠᠯᠠᠮᠵᠢᠯᠠᠯ ᠪᠣᠯᠤᠨ ᠷᠠᠰᠢᠶᠠᠨ ᠬᠤᠳᠠ ᠶᠢᠨ ᠦᠨᠳᠦᠰᠦᠳᠡᠨ ᠨᠦᠭᠦᠳ ᠤᠨ ᠤᠯᠠᠨ ᠲᠦᠮᠡᠨ ᠬᠠᠮᠳᠦᠪᠡᠷ | ᠲᠡᠮᠡᠴᠡᠭᠰᠡᠨ ᠦᠷ᠎ᠠ ᠪᠦᠳᠦᠭᠡᠯ ᠪᠤᠯᠤᠨ᠎ᠠ︾ ᠭᠡᠵᠦ ᠠᠵᠢᠯᠴᠢᠨ ᠤ ᠡᠳᠦᠷ ᠤᠨ ᠰᠣᠨᠢᠨ ᠤ ᠰᠤᠷᠪᠤᠯᠵᠢᠯᠠᠭᠴᠢ ᠶᠠᠩ | ᠵᠤᠤ ᠮᠢᠨ ᠬᠡᠯᠡᠪᠡ᠃ | ᠬᠤᠷᠴᠠ ᠤᠯᠠᠭᠠᠨ ᠴᠡᠴᠡᠭ ᠤᠨ ᠨᠠᠭᠤᠷ ᠤᠨ ᠬᠥᠪᠡᠭᠡᠨ ᠳᠠᠬᠢ ᠦᠨᠳᠦᠰᠦᠲᠡᠨ ᠤ ᠪᠦᠯᠬᠦᠮᠳᠡᠯ ᠤᠨ ᠴᠡᠴᠡᠭ᠂ | ᠰᠠᠨ ᠲᠠᠨ ᠰᠢᠶᠠ ᠬᠠᠪᠴᠢᠯ ᠤᠨ ᠢᠵᠢᠯᠢ ᠰᠡᠳᠬᠢᠯᠳᠦ ᠬᠦᠬᠦᠷᠭᠡ ᠁ ᠰᠤᠷᠪᠤᠯᠵᠢᠯᠠᠭ᠎ᠠ ᠭᠦᠨᠵᠡᠭᠡᠶᠢᠷᠡᠬᠦ ᠶᠢ | ᠲᠠᠭᠠᠯᠳᠤᠨ᠂ ᠡᠯ᠎ᠡ ᠵᠠᠭᠤᠴᠢᠯᠠᠭᠤᠷ ᠤᠨ ᠰᠤᠷᠪᠤᠯᠵᠢᠯᠠᠭᠴᠢᠳ ᠬᠢᠩᠭᠠᠨ ᠠᠶᠢᠮᠠᠭ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠢᠮᠠᠭᠲᠠ ᠨᠠᠮ ᠢᠶᠠᠨ ᠪᠤᠳᠤᠵᠤ᠂ ᠨᠠᠮ ᠤᠨ ᠠᠴᠢ ᠳᠤ ᠲᠠᠯᠠᠷᠬᠠᠵᠦ᠂ ᠨᠠᠮ ᠤᠨ ᠦᠭᠡ ᠶᠢ | ᠰᠣᠨᠣᠰᠴᠤ᠂ ᠨᠠᠮ ᠢᠶᠠᠨ ᠲᠠᠭᠠᠵᠤ᠂ ᠥᠪᠥᠷ ᠮᠣᠩᠭᠤᠯ ᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠦᠭᠰᠡᠨ ᠰᠦᠷ ᠳᠠᠯᠠᠶᠢᠴᠠᠲᠠᠢ ᠬᠦᠴᠦᠨ ᠢ ᠬᠦᠢᠴᠡᠳ | ᠤᠶᠢᠯᠠᠭᠠᠪᠠ᠃ ᠮᠦᠨ ᠡᠭᠡ ᠤᠯᠤᠰ ᠤᠨ ᠤᠮᠠᠷᠠᠳᠦ ᠬᠢᠯᠢ ᠶᠢᠨ ᠡᠯ᠎ᠡ ᠦᠨᠳᠦᠰᠦᠳᠡᠨ ᠨᠦᠭᠦᠳ ᠠᠭᠤᠤ ᠨᠠᠮ ᠤᠨ | ᠲᠤᠶᠠᠭᠠᠯᠠᠯ ᠲᠤᠤᠷ᠎ᠠ ᠪᠦᠯᠬᠦᠮᠳᠡᠨ ᠲᠡᠮᠡᠴᠡᠵᠦ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ | ᠤᠬᠠᠮᠰᠠᠷ ᠢ ᠪᠠᠳᠦ ᠴᠤᠭᠴᠠᠯᠠᠬᠤ ᠠᠮᠢᠳᠤᠯᠢᠭ ᠦᠢᠯᠡᠳᠦᠯᠭᠡ ᠶᠢ ᠴᠤ ᠬᠦᠢᠴᠡᠳ ᠤᠶᠢᠯᠠᠭᠠᠯ᠎ᠠ᠃ | · ᠲᠤᠯᠭᠠᠭᠤᠷᠢ ᠪᠢᠯᠢᠭ ᠪᠤᠶᠠᠨᠳᠡᠯᠭᠡᠷ · |