︽ᠲᠤᠮᠳᠠᠳᠦ ᠶᠢᠨ ᠦᠨᠳᠦᠰᠦᠳᠠᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠦ ᠴᠤᠭᠴᠠᠯᠠᠨ ᠲᠤᠮᠳᠠᠳᠦ ᠶᠢᠨ ᠦᠨᠳᠦᠰᠦᠳᠡᠨ ᠨᠢᠭᠡ ᠭᠡᠷ ᠪᠦᠯᠢ ᠮᠡᠳᠦ ᠲᠤᠳᠤᠨᠤ︾ ᠭᠡᠬᠦ ᠭᠤᠤᠯ ᠰᠡᠳᠦᠪᠳᠦ ᠤᠬᠠᠭᠤᠯᠭ᠎ᠠ ᠶᠢᠨ ᠠᠵᠢᠯᠯᠠᠭ᠎ᠠ ᠶᠢᠨ ᠲᠤᠬᠠᠢ ᠲᠠᠳᠠᠯᠠᠭ᠎ᠠ
ᠨᠡᠶᠢᠲᠡᠯᠡᠭᠰᠡᠨ ᠴᠠᠭ᠄
2024/7/2
     6 ᠰᠠᠷ᠎ᠠ ᠶᠢᠨ 26 ᠤ ᠡᠳᠦᠷ᠂ ︽ᠲᠤᠮᠳᠠᠳᠦ ᠶᠢᠨ ᠦᠨᠳᠦᠰᠦᠳᠠᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠦ ᠴᠤᠭᠴᠠᠯᠠᠨ ᠲᠤᠮᠳᠠᠳᠦ ᠶᠢᠨ ᠦᠨᠳᠦᠰᠦᠳᠡᠨ ᠨᠢᠭᠡ ᠭᠡᠷ ᠪᠦᠯᠢ ᠮᠡᠳᠦ ᠲᠤᠳᠤᠨᠤ︾ ᠭᠡᠬᠦ ᠭᠤᠤᠯ ᠰᠡᠳᠦᠪᠳᠦ ᠤᠬᠠᠭᠤᠯᠭ᠎ᠠ ᠶᠢᠨ ᠠᠵᠢᠯᠯᠠᠭ᠎ᠠ ᠶᠢᠨ ᠰᠤᠷᠪᠤᠯᠵᠢᠯᠠᠭᠴᠢᠳ ᠤᠯᠤᠰ ᠤᠨ ᠠᠮᠢ ᠠᠬᠤᠢ ᠶᠢᠨ ᠵᠢᠭᠤᠯᠴᠢᠯᠠᠯ ᠤᠨ ᠵᠢᠱᠢᠶ᠎ᠡ ᠦᠵᠡᠬᠦᠯᠬᠦ ᠤᠷᠤᠨ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠭᠠᠵᠠᠷ ᠪᠣᠯᠬᠤ ᠷᠠᠰᠢᠶᠠᠨ ᠬᠤᠳᠠ ᠪᠠᠷ ᠰᠤᠷᠪᠤᠯᠵᠢᠯᠠᠵᠦ᠂ ᠬᠢᠩᠭᠠᠨ ᠠᠶᠢᠮᠠᠭ ᠤᠨ ᠦᠨᠳᠦᠰᠦᠲᠡᠨ ᠤ ᠠᠭᠤᠰᠤᠯᠴᠠᠯ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ᠂ ᠵᠣᠯ ᠵᠢᠷᠭᠠᠯ ᠢ ᠬᠠᠮᠲᠤᠪᠠᠷ ᠴᠣᠭᠴᠠᠯᠠᠭᠰᠠᠨ ᠰᠡᠳᠭᠢᠯ ᠬᠥᠳᠡᠯᠭᠡᠮ᠎ᠡ ᠦᠯᠢᠭᠡᠷ ᠢ ᠰᠤᠨᠤᠰᠴᠦ ᠦᠪᠡᠷ ᠤᠨ ᠡᠷᠬᠡ ᠦᠭᠡᠢ ᠰᠡᠳᠭᠢᠯ ᠲᠤᠬᠳᠤᠯᠪᠠ᠃      ᠦᠨᠳᠦᠰᠦᠲᠡᠨ ᠤ ᠵᠢᠷᠤᠭᠲᠤ ᠰᠡᠳᠬᠦᠯ ᠤᠨ ᠰᠤᠷᠪᠤᠯᠵᠢᠯᠠᠭᠴᠢ ᠲᠧᠩ ᠵᠢᠶᠦ᠋ᠨ ᠷᠠᠰᠢᠶᠠᠨ ᠤ ᠪᠣᠭᠤᠮᠲᠠ ᠶᠢᠨ ᠦᠵᠡᠮᠵᠢ ᠶᠢᠨ ᠣᠷᠣᠨ ᠳᠠᠬᠢ ︽ᠵᠢᠷᠦᠭᠡᠨ ᠠᠴᠠ ᠤᠶᠠᠭᠠᠳᠠᠢ ᠡᠭᠡ ᠤᠷᠤᠨ ᠮᠢᠨᠢ︾ ᠭᠡᠬᠦ ᠴᠢᠯᠠᠭᠤᠨ ᠬᠦᠰᠢᠶ᠎ᠡ ᠶᠢᠨ ᠬᠠᠵᠠᠭᠤ ᠳᠤ ᠰᠡᠬᠦᠳᠡᠷ ᠲᠠᠳᠠᠵᠦ᠂ ᠤᠯᠤᠰ ᠤᠨ ᠬᠠᠭᠠᠯᠭ᠎ᠠ ᠶᠢᠨ ᠪᠦᠬᠦ ᠲᠦᠷᠰᠦ ᠪᠠᠶᠢᠳᠠᠯ ᠪᠤᠯᠤᠨ ᠦᠷᠭᠡᠨ ᠠᠭᠤᠳᠠᠮ ᠬᠦᠬᠡᠮᠳᠦᠭ ᠨᠤᠭᠤᠭᠠᠨ ᠠᠭᠤᠯᠠ ᠤᠰᠤ ᠶᠢ ᠦᠪᠡᠷ ᠤᠨ ᠲᠤᠷᠠᠨ ᠬᠠᠷᠠᠭᠠᠨ ᠳᠠᠭᠠᠨ ᠦᠯᠡᠳᠡᠭᠡᠨ᠎ᠠ᠃      ᠷᠠᠰᠢᠶᠠᠨ ᠪᠣᠭᠤᠮᠲᠠ ᠳᠤᠮᠳᠠᠳᠤ ᠮᠣᠩᠭᠤᠯ ᠤᠨ ᠬᠢᠯᠢ ᠶᠢᠨ 1382 — 1383 ᠨᠣᠮᠧᠷᠲᠤ ᠬᠢᠯᠢ ᠶᠢᠨ ᠲᠡᠮᠳᠡᠭ ᠤᠨ ᠬᠤᠭᠤᠷᠣᠨᠳᠣ ᠪᠠᠶᠢᠷᠢᠯᠠᠵᠤ᠂ ᠮᠣᠩᠭᠤᠯ ᠤᠯᠤᠰ ᠤᠨ ᠳᠣᠷᠣᠨᠠᠲᠤ ᠠᠶᠢᠮᠠᠭ ᠤᠨ ᠰᠦᠮᠪᠦᠷ ᠪᠣᠭᠤᠮᠲᠠ ᠲᠠᠢ ᠨᠢᠭᠤᠷᠯᠠᠵᠦ᠂ ᠮᠠᠨ ᠤ ᠤᠯᠤᠰ ᠤᠨ ᠮᠣᠩᠭᠤᠯ ᠤᠯᠤᠰ ᠲᠤ ᠨᠡᠭᠡᠭᠡᠭᠰᠡᠨ ᠤᠯᠠᠨ ᠤᠯᠤᠰ ᠤᠨ 5 ᠪᠤᠭᠤᠮᠳᠠ ᠶᠢᠨ ᠨᠢᠭᠡ ᠪᠤᠯᠤᠨ᠎ᠠ᠃ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢᠨ ᠨᠢᠭᠡ ᠪᠣᠯᠤᠨ᠎ᠠ᠂ ᠨᠡᠩ ᠴᠤ ᠬᠢᠩᠭᠠᠨ ᠠᠶᠢᠮᠠᠭ ᠤᠨ ᠡᠷᠬᠡᠪᠰᠢ ᠰᠠᠶᠢᠲᠤᠷ ᠭᠦᠢᠴᠡᠳᠭᠡᠬᠦ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠪᠤᠯᠬᠤ ᠶᠤᠮ᠃      ᠷᠠᠰᠢᠶᠠᠨ ᠬᠤᠳᠠ ᠶᠢᠨ ᠲᠢᠶᠠᠨ ‍ᠤᠤᠢ ᠪᠠᠯᠭᠠᠰᠦᠨ ᠤ ᠬᠤᠯᠪᠤᠭᠠᠳᠦ ᠨᠠᠮ ᠤᠨ ᠬᠤᠷᠢᠶᠠᠨ ᠤ 40 ᠭᠠᠷᠤᠢ ᠨᠠᠮ ᠤᠨ ᠭᠡᠰᠢᠬᠦᠨ ᠺᠠᠳ᠋ᠷ ︽ᠪᠢ ᠰᠠᠶᠢᠨ ᠳᠤᠷ᠎ᠠ ᠠᠴᠠ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠳᠤ ᠤᠷᠤᠵᠤ᠂ ᠨᠠᠮ ᠤᠨ ᠬᠥᠲᠥᠯᠪᠦᠷᠢ ᠶᠢ ᠬᠦᠷᠢᠶᠡᠯᠡᠵᠦ᠂ ᠨᠠᠮ ᠤᠨ ᠲᠦᠷᠢᠮ ᠢ ᠵᠢᠷᠤᠮᠯᠠᠨ᠎ᠠ ᠁︾ ᠭᠡᠵᠦ ᠰᠦᠷ ᠵᠢᠪᠬᠤᠯᠠᠩᠳᠦ ᠤᠯᠤᠰ ᠤᠨ ᠬᠠᠭᠠᠯᠭ᠎ᠠ ᠶᠢᠨ ᠡᠮᠦᠨ᠎ᠠ ᠲᠠᠩᠭᠠᠷᠢᠭᠯᠠᠨ᠂ ᠨᠠᠮ ᠤᠨ ᠲᠤᠭ ᠤᠨ ᠡᠮᠦᠨ᠎ᠡ ᠨᠠᠮ ᠳᠤ ᠡᠯᠰᠡᠭᠳᠡᠬᠦ ᠲᠠᠩᠭᠠᠷᠢᠭ ᠤᠨ ᠦᠭᠡᠰ ᠢ ᠲᠠᠬᠢᠨ ᠡᠷᠭᠢᠴᠡᠭᠦᠯᠪᠡ᠃ ᠲᠤᠬᠠᠢ ᠶᠢᠨ ᠲᠠᠯᠠᠪᠠᠢ ᠳᠠᠬᠢ ᠰᠤᠷᠪᠤᠯᠵᠢᠯᠠᠭᠴᠢᠳ ᠳᠡᠳᠡᠨ ᠲᠠᠢ ᠬᠠᠮᠲᠤᠪᠠᠷ ᠤᠯᠤᠰ ᠢᠶᠠᠨ ᠬᠠᠶᠢᠷᠠᠯᠠᠬᠤ ᠬᠥᠮᠦᠵᠢᠯ ᠬᠦᠷᠳᠡᠵᠦ᠂ ᠦᠨᠳᠦᠰᠦᠳᠡᠨ ᠤ ᠤᠮᠤᠭ ᠪᠠᠭ᠋ᠠᠳᠤᠯᠳᠤ ᠰᠡᠳᠭᠢᠯᠭᠡ ᠪᠠᠨ ᠤᠯᠠᠮ ᠢᠶᠠᠷ ᠦᠨᠳᠦᠷᠵᠢᠬᠦᠯᠪᠡ᠃      ᠰᠤᠷᠪᠤᠯᠵᠢᠯᠠᠬᠤ ᠪᠦᠯᠬᠦᠮ ᠤᠨ ᠬᠢᠨ ᠰᠠᠨ ᠵᠢᠶᠤᠤ ᠱᠠᠨ ᠠᠭᠤᠯᠠᠨ ᠳᠠᠬᠢ ᠠᠮᠠᠷᠠᠭ ᠮᠣᠳᠣᠨ ᠤ ᠲᠤᠤᠷᠠᠬᠢ ᠰᠡᠳᠬᠢᠯ ᠢ ᠬᠦᠳᠡᠯᠭᠡᠮ᠎ᠡ ᠬᠡᠷᠡᠯ ᠵᠢᠷᠤᠭ ᠢ ᠬᠠᠷᠠᠬᠤ ᠶᠢᠨ ᠳᠠᠭᠠᠤ ᠬᠢᠯᠢ ᠶᠢᠨ ᠬᠠᠮᠠᠭᠠᠯᠠᠯᠲᠠ ᠶᠢᠨ ᠪᠠᠶᠢᠯᠳᠤᠭᠴᠢᠳ ᠤᠨ ᠠᠮᠠᠷᠠᠭ ᠮᠣᠳᠣᠨ ᠤ ᠦᠯᠢᠭᠡᠷ ᠢ ᠰᠣᠨᠣᠰᠴᠤ᠂ ᠬᠢᠩᠭᠠᠨ ᠠᠶᠢᠮᠠᠭ ᠤᠨ ᠦᠨᠳᠦᠰᠦᠳᠡᠨ ᠨᠦᠭᠦᠳ ᠤᠨ ᠤᠯᠠᠨ ᠲᠦᠮᠡᠨ ᠤ ᠤᠮᠠᠷᠠᠲᠤ ᠬᠢᠯᠢ ᠶᠢ ᠬᠠᠮᠲᠤᠪᠠᠷ ᠰᠠᠬᠢᠨ ᠬᠠᠮᠠᠭᠠᠯᠠᠵᠤ᠂ ᠰᠠᠬᠢᠨ ᠪᠠᠷᠠᠯᠠᠨ ᠬᠠᠷᠢᠯᠴᠠᠨ ᠬᠠᠪᠰᠤᠷᠤᠯᠴᠠᠵᠤ᠂ ᠭᠠᠷ ᠬᠤᠯᠪᠣᠨ ᠤᠷᠤᠭᠰᠢᠯᠠᠭᠰᠠᠨ ᠦᠢᠯᠡ ᠠᠵᠢᠯᠯᠠᠭ᠎ᠠ ᠶᠢ ᠬᠦᠢᠴᠡᠳ ᠤᠶᠢᠯᠠᠭᠠᠯ᠎ᠠ᠃      ︽ᠬᠡᠳᠦᠨ ᠡᠳᠦᠷ ᠰᠤᠷᠪᠤᠯᠵᠢᠯᠠᠭᠠᠳ ︿ᠬᠢᠩᠭᠠᠨ ᠳᠠᠪᠠᠭᠠᠨ ᠳᠠᠬᠢ ᠬᠢᠩᠭᠠᠨ ᠠᠶᠢᠮᠠᠭ﹀ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠦᠯᠬᠦᠮᠳᠡᠨ ᠲᠡᠮᠡᠴᠡᠵᠦ᠂ ᠢᠷᠡᠭᠡᠳᠦᠢ ᠪᠠᠨ ᠬᠠᠮᠲᠤᠪᠠᠷ ᠴᠣᠭᠴᠠᠯᠠᠨ ᠪᠠᠶᠢᠭᠤᠯᠬᠤ ᠣᠷᠭᠢᠯᠤᠮ᠎ᠠ ᠰᠡᠳᠭᠢᠯᠭᠡ ᠶᠢ ᠦᠨᠡᠨᠬᠦ ᠮᠡᠳᠡᠷᠡᠵᠡᠢ᠃ ᠪᠢ ᠡᠨᠡ ᠤᠳᠠᠭᠠᠨ ᠤ ᠭᠤᠣᠯ ᠰᠡᠳᠦᠪᠲᠦ ᠮᠡᠳᠡᠭᠡᠯᠡᠯ ᠢᠶᠠᠷ ᠠᠵᠠ ᠲᠣᠬᠢᠶᠠᠯ ᠪᠣᠯᠭᠠᠨ᠂ ︿ᠲᠦᠷᠪᠡᠨ ᠴᠢᠳᠠᠪᠤᠷᠢ﹀ ᠪᠠᠨ ᠦᠢᠯᠡᠳᠦᠯᠭᠡᠵᠢᠬᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠭᠴᠠᠯᠠᠬᠤ ᠦᠯᠢᠭᠡᠷ ᠢ ᠬᠠᠶᠢᠷ᠎ᠠ ᠰᠡᠳᠭᠢᠯᠭᠡ ᠲᠠᠢ ᠪᠠᠷ ᠰᠠᠶᠢᠲᠤᠷ ᠶᠠᠷᠢᠨ᠎ᠡ︾ ᠭᠡᠵᠦ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠹᠠᠨ ᠰᠧ ᠰᠢᠶᠠᠩ ᠬᠡᠯᠡᠵᠦ ᠪᠠᠶᠢᠯ᠎ᠠ᠃      ᠰᠤᠷᠪᠤᠯᠵᠢᠯᠠᠭ᠎ᠠ ᠶᠢᠨ ᠪᠦᠯᠬᠦᠮ ᠤᠨ ᠬᠢᠨ ᠷᠠᠰᠢᠶᠠᠨ ᠬᠤᠳᠠ ᠶᠢᠨ ᠰᠧᠨ ᠸᠠᠩ ᠨᠡᠶᠢᠭᠡᠮ ᠲᠤᠭᠤᠷᠢᠭ ᠤᠨ ᠰᠤᠶᠤᠯ ᠤᠨ ᠠᠵᠢᠯᠯᠠᠭ᠎ᠠ ᠶᠢᠨ ᠶᠡᠭᠡ ᠲᠢᠩᠬᠢᠮ ᠳᠤ ᠲᠠᠭᠤᠤ ᠲᠠᠭᠤᠯᠠᠨ ᠪᠦᠵᠢᠭ ᠪᠦᠵᠢᠭᠯᠡᠵᠦ ᠦᠳᠡᠯᠦᠭᠡ ᠨᠠᠰᠤ ᠪᠠᠨ ᠵᠤᠯ ᠵᠢᠷᠭᠠᠯ ᠲᠠᠢ ᠦᠩᠭᠡᠷᠡᠭᠦᠯᠵᠦ ᠪᠠᠶᠢᠭ᠎ᠠ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠵᠠᠩ ᠶᠠᠨ ᠲᠠᠢ ᠰᠠᠶᠢᠬᠠᠨ ᠵᠤᠭᠤᠬᠳᠠᠯ᠎ᠠ᠃ 2018 ᠤᠨ ᠳᠤ᠂ ᠵᠠᠩ ᠶᠠᠨ ᠤ ᠬᠢᠨ ᠬᠡᠳᠦᠨ ᠠᠷᠪᠠᠨ ᠵᠢᠯ ᠰᠠᠭᠤᠭᠰᠠᠨ ᠲᠦᠬᠦᠮ ᠪᠦᠳᠦᠴᠡᠳᠦ ᠤᠷᠤᠨ ᠰᠠᠭᠤᠴᠠ ᠠᠴᠠ ᠪᠠᠨ ᠰᠠᠯᠵᠦ᠂ ᠴᠡᠪᠡᠷ ᠲᠤᠬᠢᠯᠢᠭ ᠠᠰᠠᠷ ᠲᠤ ᠨᠡᠭᠦᠪᠡ᠃ ︽ᠨᠠᠮ ᠭᠡᠷᠡᠯ ᠬᠢᠯᠪᠠᠭ᠎ᠠ ᠪᠠᠷ ᠢᠶᠠᠨ ᠬᠢᠯᠢ ᠬᠢᠵᠠᠭᠠᠷ ᠢ ᠬᠡᠶᠢᠬᠦᠯᠦᠨ᠎ᠡ ᠭᠡᠳᠡᠭ ᠢᠶᠠᠷ ᠲᠦᠬᠦᠮ ᠪᠦᠳᠦᠴᠡᠳᠦ ᠤᠷᠤᠨ ᠰᠠᠭᠤᠴᠠ ᠶᠢ ᠦᠭᠡᠷᠡᠴᠢᠯᠡᠨ ᠵᠠᠰᠠᠬᠤ ᠲᠦᠷᠦᠯ ᠵᠦᠢᠯ ᠦᠭᠡᠢ ᠪᠤᠯ ᠮᠢᠨᠤ ᠤᠳᠤᠬᠢ ᠵᠤᠯ ᠵᠢᠷᠭᠠᠯᠳᠦ ᠠᠮᠢᠳᠤᠷᠠᠯ ᠬᠠᠮᠢᠭ᠎ᠠ ᠠᠴᠠ ᠢᠷᠡᠬᠦ ᠪᠢᠯᠡ︾ ᠭᠡᠵᠦ ᠵᠠᠩ ᠶᠠᠨ ᠰᠡᠳᠬᠢᠯ ᠲᠤᠭᠳᠤᠯᠤᠨ ᠬᠡᠯᠡᠪᠡ᠃      ᠰᠧᠨ ᠸᠠᠩ ᠨᠡᠶᠢᠭᠡᠮ ᠲᠣᠭᠤᠷᠢᠭ ᠪᠤᠯ ᠷᠠᠰᠢᠶᠠᠨ ᠬᠤᠳᠠ ᠶᠢᠨ ᠲᠦᠬᠦᠮ ᠪᠦᠳᠦᠴᠡᠳᠦ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠵᠦ ᠨᠡᠬᠦᠯᠭᠡᠨ ᠲᠦᠪᠬᠢᠨᠡᠬᠦᠯᠬᠦ ᠬᠠᠮᠤᠭ ᠲᠤᠮᠦ ᠨᠡᠶᠢᠭᠡᠮ ᠲᠤᠭᠤᠷᠢᠭ ᠪᠤᠯᠤᠨ᠎ᠠ᠃ ᠡ᠊ᠡᠳᠡ ᠰᠠᠭᠤᠵᠦ ᠪᠠᠶᠢᠭ᠎ᠠ 400 ᠭᠠᠷᠤᠢ ᠡᠷᠦᠭᠡ ᠪᠦᠷ ᠲᠦᠬᠦᠮ ᠪᠦᠳᠦᠴᠡᠳᠦ ᠤᠷᠤᠨ ᠰᠠᠭᠤᠴᠠ ᠠᠴᠠ ᠨᠡᠬᠦᠵᠦ ᠢᠷᠡᠭᠰᠡᠨ ᠪᠠᠶᠢᠳᠠᠭ᠃ 2020 ᠣᠨ ᠳᠤ᠂ ᠰᠧᠨ ᠸᠠᠩ ᠨᠡᠶᠢᠭᠡᠮ ᠲᠣᠭᠤᠷᠢᠭ ︽ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠨᠡᠷᠡᠮᠵᠢᠲᠦ︾ ᠤᠢ ᠰᠢᠭᠤᠢ ᠶᠢᠨ ᠵᠢᠵᠢᠭ ᠭᠠᠯᠲᠤ ᠲᠡᠷᠭᠡᠨ ᠦᠷᠳᠡᠭᠡ ᠪᠠᠶᠢᠭᠤᠯᠵᠦ᠂ ᠲᠦᠬᠦᠮ ᠪᠦᠳᠦᠴᠡᠳᠦ ᠤᠷᠤᠨ ᠰᠠᠭᠤᠴᠠ ᠠᠴᠠ ᠨᠡᠬᠦᠵᠦ ᠢᠷᠡᠭᠰᠡᠨ ᠲᠤᠤᠷ᠎ᠠ ᠤᠷᠤᠯᠭ᠎ᠠ ᠲᠠᠢ ᠬᠦᠮᠦᠰ ᠢᠶᠠᠷ ᠵᠢᠭᠤᠯᠴᠢᠯᠠᠯ ᠤᠨ ᠦᠢᠯᠡᠰ ᠡᠷᠬᠢᠯᠡᠭᠦᠯᠦᠨ᠂ ᠤᠷᠤᠯᠭ᠎ᠠ ᠶᠢ ᠨᠢ ᠨᠡᠮᠡᠭᠳᠡᠬᠦᠯᠵᠦ ᠪᠠᠶᠠᠵᠢᠯ ᠤᠨ ᠵᠠᠮ ᠢᠶᠠᠷ ᠵᠠᠮᠨᠠᠭᠤᠯᠤᠭᠰᠠᠨ ᠪᠠᠶᠢᠨ᠎ᠠ᠃ ᠨᠡᠶᠢᠭᠡᠮ ᠲᠤᠭᠤᠷᠢᠭ ᠤᠨ ᠬᠢᠨ ᠪᠠᠰᠠ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠶᠢᠭᠤᠯᠵᠦ ᠂ ᠡᠯ᠎ᠡ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠲᠤ ᠳᠥᠭᠦᠮ ᠳᠥᠲᠡ᠂ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠡᠯ᠎ᠡ ᠦᠨᠳᠦᠰᠦᠳᠡᠨ ᠪᠦᠯᠬᠦᠮᠳᠡᠨ ᠲᠡᠮᠡᠴᠡᠵᠦ᠂ ᠬᠠᠮᠳᠦᠪᠡᠷ ᠵᠤᠯ ᠵᠢᠷᠭᠠᠯᠳᠦ ᠭᠡᠷ ᠤᠷᠤᠨ ᠢᠶᠠᠨ ᠪᠠᠶᠢᠭᠤᠯᠬᠤ ᠰᠠᠶᠢᠨ ᠰᠠᠶᠢᠬᠠᠨ ᠠᠮᠢᠳᠤᠷᠠᠯ ᠤᠨ ᠤᠷᠴᠢᠨ ᠨᠦᠬᠦᠴᠡᠯ ᠢ ᠨᠡᠶᠢᠭᠡᠮ ᠲᠤᠭᠤᠷᠢᠭ ᠤᠨ ᠤᠯᠠᠨ ᠲᠦᠮᠡᠨ ᠳᠤ ᠪᠦᠷᠢᠯᠳᠦᠬᠦᠯᠵᠦ ᠦᠭᠬᠦᠭᠰᠡᠨ ᠪᠠᠶᠢᠨ᠎ᠠ᠃      ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠣᠯ ᠵᠢᠷᠭᠠᠯᠳᠤ ᠠᠮᠢᠳᠤᠷᠠᠯ ᠪᠣᠯ ᠳᠠᠷᠤᠶ ᠰᠤᠷᠪᠤᠯᠵᠢᠯᠠᠭᠴᠢ ᠶᠢᠨ ᠬᠠᠷᠠᠭᠠᠨ ᠳᠠᠬᠢ ᠰᠤᠷᠪᠤᠯᠵᠢᠯᠠᠭ᠎ᠠ ᠶᠢᠨ ᠭᠤᠤᠯᠳᠠᠯᠭ᠎ᠠ ᠪᠣᠯᠤᠨ᠎ᠠ᠃ ︽ᠷᠠᠰᠢᠶᠠᠨ ᠬᠤᠳᠠ ᠤᠯᠠᠮ ᠢᠶᠠᠷ ᠬᠦᠭᠵᠢᠵᠦ᠂ ᠤᠯᠠᠨ ᠲᠦᠮᠡᠨ ᠨᠡᠩ ᠵᠣᠯ ᠵᠢᠷᠭᠠᠯᠳᠠᠢ ᠠᠮᠢᠳᠤᠷᠠᠯ ᠢ ᠡᠳ᠋ᠯᠡᠵᠠᠢ᠃ ᠡᠨᠡ ᠪᠣᠯ ᠶᠡᠷᠦᠩᠬᠡᠢ ᠱᠦᠵᠢ ᠶᠢᠨ ᠬᠠᠯᠠᠮᠵᠢᠯᠠᠯ ᠪᠣᠯᠤᠨ ᠷᠠᠰᠢᠶᠠᠨ ᠬᠤᠳᠠ ᠶᠢᠨ ᠦᠨᠳᠦᠰᠦᠳᠡᠨ ᠨᠦᠭᠦᠳ ᠤᠨ ᠤᠯᠠᠨ ᠲᠦᠮᠡᠨ ᠬᠠᠮᠳᠦᠪᠡᠷ ᠲᠡᠮᠡᠴᠡᠭᠰᠡᠨ ᠦᠷ᠎ᠠ ᠪᠦᠳᠦᠭᠡᠯ ᠪᠤᠯᠤᠨ᠎ᠠ︾ ᠭᠡᠵᠦ ᠠᠵᠢᠯᠴᠢᠨ ᠤ ᠡᠳᠦᠷ ᠤᠨ ᠰᠣᠨᠢᠨ ᠤ ᠰᠤᠷᠪᠤᠯᠵᠢᠯᠠᠭᠴᠢ ᠶᠠᠩ ᠵᠤᠤ ᠮᠢᠨ ᠬᠡᠯᠡᠪᠡ᠃      ᠬᠤᠷᠴᠠ ᠤᠯᠠᠭᠠᠨ ᠴᠡᠴᠡᠭ ᠤᠨ ᠨᠠᠭᠤᠷ ᠤᠨ ᠬᠥᠪᠡᠭᠡᠨ ᠳᠠᠬᠢ ᠦᠨᠳᠦᠰᠦᠲᠡᠨ ᠤ ᠪᠦᠯᠬᠦᠮᠳᠡᠯ ᠤᠨ ᠴᠡᠴᠡᠭ᠂ ᠰᠠᠨ ᠲᠠᠨ ᠰᠢᠶᠠ ᠬᠠᠪᠴᠢᠯ ᠤᠨ ᠢᠵᠢᠯᠢ ᠰᠡᠳᠬᠢᠯᠳᠦ ᠬᠦᠬᠦᠷᠭᠡ ᠁ ᠰᠤᠷᠪᠤᠯᠵᠢᠯᠠᠭ᠎ᠠ ᠭᠦᠨᠵᠡᠭᠡᠶᠢᠷᠡᠬᠦ ᠶᠢ ᠲᠠᠭᠠᠯᠳᠤᠨ᠂ ᠡᠯ᠎ᠡ ᠵᠠᠭᠤᠴᠢᠯᠠᠭᠤᠷ ᠤᠨ ᠰᠤᠷᠪᠤᠯᠵᠢᠯᠠᠭᠴᠢᠳ ᠬᠢᠩᠭᠠᠨ ᠠᠶᠢᠮᠠᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢᠮᠠᠭᠲᠠ ᠨᠠᠮ ᠢᠶᠠᠨ ᠪᠤᠳᠤᠵᠤ᠂ ᠨᠠᠮ ᠤᠨ ᠠᠴᠢ ᠳᠤ ᠲᠠᠯᠠᠷᠬᠠᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ᠥᠪᠥᠷ ᠮᠣᠩᠭᠤᠯ ᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠦᠭᠰᠡᠨ ᠰᠦᠷ ᠳᠠᠯᠠᠶᠢᠴᠠᠲᠠᠢ ᠬᠦᠴᠦᠨ ᠢ ᠬᠦᠢᠴᠡᠳ ᠤᠶᠢᠯᠠᠭᠠᠪᠠ᠃ ᠮᠦᠨ ᠡᠭᠡ ᠤᠯᠤᠰ ᠤᠨ ᠤᠮᠠᠷᠠᠳᠦ ᠬᠢᠯᠢ ᠶᠢᠨ ᠡᠯ᠎ᠡ ᠦᠨᠳᠦᠰᠦᠳᠡᠨ ᠨᠦᠭᠦᠳ ᠠᠭᠤᠤ ᠨᠠᠮ ᠤᠨ ᠲᠤᠶᠠᠭᠠᠯᠠᠯ ᠲᠤᠤᠷ᠎ᠠ ᠪᠦᠯᠬᠦᠮᠳᠡᠨ ᠲᠡᠮᠡᠴᠡᠵᠦ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠦ ᠴᠤᠭᠴᠠᠯᠠᠬᠤ ᠠᠮᠢᠳᠤᠯᠢᠭ ᠦᠢᠯᠡᠳᠦᠯᠭᠡ ᠶᠢ ᠴᠤ ᠬᠦᠢᠴᠡᠳ ᠤᠶᠢᠯᠠᠭᠠᠯ᠎ᠠ᠃                  · ᠲᠤᠯᠭᠠᠭᠤᠷᠢ ᠪᠢᠯᠢᠭ ᠪᠤᠶᠠᠨᠳᠡᠯᠭᠡᠷ ·
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号