ᠢᠷᠪᠢᠰ ᠵᠡᠭᠡᠯᠢ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠭᠠᠯ ᠤᠨ ᠠᠶᠣᠯ ᠢ ᠰᠠᠷᠭᠡᠶᠢᠯᠡᠬᠦ ᠪᠣᠯᠪᠠᠰᠤᠷᠠᠯ ᠥᠷᠨᠢᠭᠦᠯᠵᠡᠢ
ᠨᠡᠶᠢᠲᠡᠯᠡᠭᠰᠡᠨ ᠴᠠᠭ᠄
2024/7/23
      ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠭᠠᠯ ᠤᠨ ᠠᠶᠣᠯ ᠢ ᠰᠠᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ 7 ᠰᠠᠷ᠎ᠠ ᠶᠢᠨ 17 ᠤ ᠡᠳᠦᠷ᠂ ᠷᠡᠰᠢᠶᠠᠨ ᠬᠤᠳᠡ ᠶᠢᠨ ᠢᠷᠪᠢᠰ ᠵᠡᠭᠡᠯᠢ ᠷᠡᠰᠢᠶᠠᠨ ᠬᠤᠲᠠ ᠶᠢᠨ ᠭᠠᠯ ᠰᠠᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠭᠠᠯ ᠰᠠᠷᠬᠡᠶᠢᠯᠡᠨ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠪᠡ᠃      ᠪᠣᠯᠪᠠᠰᠤᠷᠠᠯ ᠤᠨ ᠶᠠᠪᠤᠴᠠ ᠳᠤ᠂ ᠶᠡᠭᠡ ᠠᠩᠭᠢ ᠶᠢᠨ ᠠᠵᠢᠯᠳᠡᠨ ᠠᠴᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠨᠢ ᠭᠠᠯ ᠤᠨᠲᠠᠷᠠᠭᠠᠬᠤ ᠵᠠᠮ ᠢ ᠡᠵᠡᠯᠡᠭᠰᠠᠨ᠂ ᠦᠷᠣᠭᠡ ᠳᠤ ᠣᠷᠣᠭᠤᠯᠵᠣ ᠴᠠᠬᠢᠯᠭᠠᠨ ᠴᠡᠨᠡᠭᠯᠡᠭᠰᠠᠨ᠂ ᠠᠶᠣᠯᠬᠦᠢ ᠭᠠᠷᠬᠤ ᠡᠭᠦᠳᠡ᠂ ᠬᠦᠮᠣᠰ ᠢ ᠲᠠᠷᠬᠠᠭᠠᠬᠤ ᠵᠠᠮ ᠢ ᠪᠥᠭᠯᠡᠭᠰᠠᠨ ᠡᠳᠡᠭᠡᠷ ᠪᠠᠶᠢᠳᠡᠯ ᠨᠢ ᠭᠤᠣᠯᠳᠡᠯᠭ᠎ᠠ ᠲᠠᠢ ᠣᠷᠣᠨ ᠪᠦᠰᠡ ᠳᠤ ᠲᠦᠢᠯ ᠤᠨ ᠠᠮᠠᠷᠬᠠᠨ ᠭᠠᠯ ᠤᠨ ᠠᠶᠤᠯ ᠡᠭᠦᠰᠬᠦ ᠪᠥᠭᠡᠳ ᠪᠠᠴᠢᠮ ᠠᠪᠤᠷᠠᠨ ᠲᠤᠰᠠᠯᠠᠬᠤ ᠶᠢ ᠬᠠᠷᠰᠢᠯᠠᠨ᠎ᠠ︔ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ ᠬᠡᠷᠡᠭᠯᠡᠬᠦ ᠳᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠮᠡᠳᠡᠨ᠎ᠡ︔ ᠴᠠᠬᠢᠯᠭᠠᠨ ᠴᠡᠨᠡᠭᠯᠡᠬᠦ ᠶᠠᠪᠤᠴᠠ ᠳᠠᠬᠢ ᠴᠢᠳᠠᠮᠵᠢ ᠨᠢ ᠬᠡᠲᠦ ᠶᠡᠭᠡ᠂  ᠬᠠᠮᠤᠭ ᠤᠨ ᠶᠡᠭᠡ ᠴᠢᠳᠠᠮᠵᠢ ᠶᠢᠨ ᠬᠢᠵᠠᠭᠠᠷᠯᠠᠯ ᠠᠴᠠ ᠳᠠᠪᠠᠪᠡᠯ ᠲᠥᠬᠦᠭᠡᠷᠦᠮᠵᠢ ᠨᠢ ᠬᠡᠲᠦ ᠬᠠᠯᠠᠭᠤᠷᠠᠭᠤᠯᠬᠤ᠂ ᠭᠠᠯ ᠤᠨ ᠠᠶᠣᠯ  ᠠᠮᠠᠷᠬᠠᠨ ᠡᠬᠦᠰᠴᠣ ᠮᠡᠳᠡᠨ᠎ᠡ ᠭᠡᠵᠦ ᠲᠣᠳᠣᠷᠬᠠᠶᠢᠯᠠᠵᠡᠢ᠃      ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠬᠠᠷᠢᠶ᠎ᠠ ᠣᠷᠣᠨ ᠤ ᠰᠠᠭᠤᠭᠠᠯᠢ ᠠᠷᠠᠳ ᠶᠡᠭᠡ ᠣᠯᠤᠯᠲᠠ ᠲᠠᠢ ᠪᠠᠶᠢᠵᠣ᠂ ᠲᠠᠳᠡᠨᠠᠷ  ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠰᠤᠷᠤᠭᠰᠠᠨ ᠢᠶᠠᠷ ᠪᠠᠷᠠᠬᠤ ᠥᠬᠡᠶ ᠪᠠᠰᠠ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠭᠠᠯ ᠤᠨ ᠠᠶᠤᠯ ᠢ ᠰᠡᠷᠡᠮᠵᠢᠯᠡᠬᠦ ᠴᠢᠨᠠᠷ ᠪᠠ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠵᠡᠶ ᠭᠡᠪᠡ᠃      ᠲᠠᠷᠡᠭᠠᠴᠢ ᠪᠠᠷ᠂ ᠢᠷᠪᠢᠰ ᠵᠡᠭᠡᠯᠢ ᠬᠠᠷᠢᠶ᠎ᠡ ᠲᠣᠭᠤᠷᠢᠭ ᠤᠨ ᠰᠠᠭᠤᠭᠠᠯᠢ ᠠᠷᠠᠳ ᠣᠯᠠᠨ ᠤ ᠭᠠᠯ ᠰᠡᠷᠭᠡᠶᠢᠯᠡᠬᠦ ᠠᠮᠣᠷ ᠲᠦᠪᠰᠢᠨ ᠤ ᠪᠣᠯᠪᠠᠰᠣᠷᠠᠯ ᠢ ᠦᠷᠬᠦᠯᠵᠢᠯᠠᠨ ᠴᠢᠩᠭᠠᠳᠬᠠᠵᠦ᠂ ᠴᠠᠬᠢᠯᠭᠠᠨ ᠬᠦᠳᠡᠯᠭᠡᠬᠦᠷᠲᠦ ᠲᠣᠭᠤᠢ ᠲᠡᠷᠭᠡ ᠶᠢᠨ ᠭᠠᠯ ᠰᠡᠷᠭᠡᠶᠢᠯᠡᠬᠦ ᠠᠮᠣᠷ ᠲᠦᠪᠰᠢᠨ ᠤ ᠬᠠᠮᠢᠶᠠᠷᠣᠯᠲᠠ ᠶᠢ ᠳᠦᠷᠢᠮᠵᠢᠬᠦᠯᠬᠦ᠂ ᠰᠢᠨᠵᠢᠯᠡᠬᠦ ᠣᠬᠠᠭᠠᠨᠴᠢᠯᠠᠬᠤ ᠶᠢ ᠲᠦᠯᠬᠢᠨ ᠠᠬᠢᠭᠤᠯᠣᠨ᠎ᠠ᠃    
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号