ᠲᠢᠶᠠᠨ ᡂᠢ ᠪᠠᠯᠭᠠᠰᠤ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠣᠯᠤᠯᠲᠠ ᠲᠦᠷᠥᠭᠳᠡᠯ ᠤᠨ ᠬᠤᠷᠠᠯ  ᠬᠢᠪᠡ
ᠨᠡᠶᠢᠲᠡᠯᠡᠭᠰᠡᠨ ᠴᠠᠭ᠄
2024/7/23
     ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠰᠠᠶᠢᠨ ᠰᠠᠶᠢᠬᠠᠨ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠨ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠪᠣᠯᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠲᠠᠶᠢᠴᠢᠯᠡᠨ ᠵᠢᠯᠣᠭᠤᠳᠬᠤ ᠶᠢᠨ ᠲᠥᠯᠥᠭᠡ᠂ ᠷᠡᠰᠢᠶᠠᠨ ᠬᠤᠳᠡ ᠶᠢᠨ ᠲᠢᠶᠠᠨ ᡂᠢ ᠪᠠᠯᠭᠠᠰᠤᠨ ᠤ ᠨᠠᠮ ᠤᠨ ᠭᠡᠰᠢᠭᠦᠨ ᠺᠠᠳ᠋ᠷ ᠠᠵᠢᠯᠳᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠭᠦᠨᠵᠡᠭᠡᠢ ᠰᠤᠷᠤᠯᠴᠠᠵᠤ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠪᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ︽ᠵᠢᠷᠭᠤᠭᠠᠨ ᠰᠠᠬᠢᠯᠭ᠎ᠠ ᠪᠠᠲᠤ︾ ᠶᠢᠨ ᠣᠯᠤᠯᠲᠠ ᠲᠦᠷᠥᠭᠳᠡᠯ ᠤᠨ ᠬᠤᠷᠠᠯ ᠢ ᠥᠷᠨᠢᠭᠦᠯᠪᠡ᠃᠂ ᠬᠤᠷᠠᠯ ᠳᠡᠭᠡᠷ᠎ᠡ᠂ ᠲᠢᠶᠠᠨ ᡂᠢ ᠪᠠᠯᠭᠠᠰᠤᠨ ᠤ ᠨᠠᠮ ᠤᠨ ᠬᠤᠷᠢᠶᠠᠨ ᠤ ᠤᠬᠠᠭᠤᠯᠬᠤ ᠭᠡᠰᠢᠭᠦᠨ ᠤᠯᠠᠨ ᠢ ᠳᠠᠭᠠᠭᠤᠯᠤᠨ ︽ᠵᠢᠷᠭᠤᠭᠠᠨ ᠵᠦᠢᠯ ᠤᠨ ᠰᠠᠬᠢᠯᠭ᠎ᠠ ᠪᠠᠲᠤ ᠶᠢᠨ ︿ᠨᠠᠵᠠᠭᠠᠢ ᠲᠠᠯ᠎ᠠ ᠶᠢᠨ ᠨᠠᠷᠢᠨ ᠲᠠᠩᠰᠠ﹀ ᠶᠢᠨ ᠬᠠᠮᠢᠶ᠎ᠠ ᠪᠦᠬᠦᠢ ᠠᠭᠤᠯᠭ᠎ᠠ ᠶᠢ ᠭᠦᠨᠵᠡᠭᠡᠢ ᠰᠤᠳᠤᠯᠤᠨ ᠤᠩᠰᠢᠵᠤ᠂ ᠬᠡᠰᠡᠭ ᠨᠠᠮ ᠤᠨ ᠭᠡᠰᠢᠭᠦᠨ ᠺᠠᠳ᠋ᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠣᠯᠤᠯᠲᠠ ᠲᠦᠷᠦᠭᠳᠡᠯ ᠢᠶᠠᠨ ᠬᠤᠪᠢᠶᠠᠯᠴᠠᠪᠠ᠃ ᠡᠭᠦᠨ ᠠᠴᠠ ᠭᠠᠳᠠᠨ᠎ᠠ᠂ ︽ᠨᠠᠮ ᠤᠨ ᠭᠡᠰᠢᠭᠦᠨ ᠨᠠᠮ ᠤᠨ ᠰᠠᠬᠢᠯᠭ᠎ᠠ ᠪᠠᠲᠤ ᠶᠢ ᠶᠠᠷᠢᠬᠤ︾ ᠭᠡᠬᠦ ᠲᠤᠰᠬᠠᠶ ᠪᠤᠯᠤᠩ ᠭᠠᠷᠭᠠᠵᠤ᠂ ᠨᠠᠮ ᠤᠨ ᠭᠡᠰᠢᠭᠦᠨ ᠺᠠᠳ᠋ᠷ ᠠᠵᠢᠯᠲᠠᠨ ᠤ ᠣᠯᠤᠯᠲᠠ ᠲᠥᠷᠥᠭᠳᠡᠯ ᠢ ᠦᠷᠭᠦᠯᠵᠢᠯᠡᠨ ᠨᠡᠶᠢᠲᠡᠯᠡᠵᠦ ᠰᠣᠯᠢᠯᠴᠠᠭ᠎ᠠ ᠶᠢ ᠠᠬᠢᠭᠤᠯᠣᠬᠰᠠᠨ ᠪᠠᠶᠢᠨ᠎ᠠ᠃      ︽ᠳᠦᠷᠢᠮ︾ ᠳᠠᠬᠢ ᠨᠠᠮ ᠤᠨ ︽ᠵᠢᠷᠭᠤᠭᠠᠨ ᠶᠡᠭᠡ ᠰᠠᠬᠢᠯᠭ᠎ᠠ ᠪᠠᠲᠤ︾ ᠶᠢ ᠰᠤᠷᠤᠯᠴᠠᠬᠤ ᠪᠠᠷ ᠳᠠᠮᠵᠢᠨ᠂ ᠪᠠᠯᠭᠠᠰᠤᠨ ᠤ ᠪᠦᠬᠦ ᠨᠠᠮ ᠤᠨ ᠭᠡᠰᠢᠭᠦᠨ ᠺᠠᠳ᠋ᠷᠴᠤᠳ ᠨᠠᠮ ᠤᠨ ᠰᠠᠬᠢᠯᠭ᠎ᠠ ᠪᠠᠲᠤ ᠪᠠᠷ ᠬᠥᠲᠥᠯᠪᠦᠷᠢ ᠪᠣᠯᠭᠠᠵᠤ᠂ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠦᠢᠯᠡᠴᠢᠯᠡᠬᠦ ᠰᠢᠨ᠎ᠡ ᠬᠠᠭᠤᠳᠠᠰᠤ ᠶᠢ ᠪᠢᠴᠢᠭᠯᠡᠨ᠂  ᠺᠡᠳ᠋ᠷ ᠠᠵᠢᠯᠳᠡᠨ ᠤ ᠰᠠᠬᠢᠯᠭ᠎ᠠ ᠪᠠᠲᠤ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠰᠠᠬᠢᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠤᠯᠤᠰ ᠲᠦᠷᠦ᠂ ᠰᠠᠬᠢᠯᠭ᠎ᠠ ᠪᠠᠲᠤ᠂ ᠶᠣᠰᠣ ᠰᠤᠷᠲᠠᠬᠤᠨ᠂ ᠢᠯᠵᠠᠷᠡᠯ ᠢ ᠡᠰᠡᠷᠭᠦᠴᠡᠬᠦ ᠲᠣᠭᠲᠠᠯ ᠬᠦᠴᠦᠨ ᠢᠶᠠᠨ ᠴᠢᠩᠭᠠᠳᠬᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠦᠨᠢᠳᠡ ᠰᠡᠳᠬᠢᠯ ᠳᠡᠭᠡᠨ ᠬᠠᠳᠠᠩᠰᠢᠭᠤᠯᠵᠤ᠂ ᠦᠭᠡ ᠶᠠᠷᠢᠶ᠎ᠠ ᠦᠢᠯᠡ ᠠᠵᠢᠯᠯᠠᠭ᠎ᠠ ᠢᠶᠠᠨ ᠪᠠᠷᠢᠮᠵᠢᠶᠠᠵᠢᠭᠤᠯᠵᠣ᠂ ᠡᠷᠡᠯᠬᠡᠭᠯᠡᠨ ᠤᠷᠤᠭᠰᠢᠯᠠᠬᠤ ︽ᠵᠢᠩᠬᠢᠨᠢ ᠴᠢᠳᠠᠪᠤᠷᠢ ︾ ᠪᠣᠯᠭᠠᠨ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠨ᠎ᠠ᠃
 
ᠢᠷᠡᠯᠲᠡ᠄ ᠲᠢᠶᠠᠨ ᡂᠢ ᠪᠠᠯᠭᠠᠰᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号