ᠢᠷᠪᠢᠰ ᠵᠡᠭᠡᠯᠢ ᠶᠢᠨ ᠨᠦᠮᠦᠷᠭᠡᠨ ᠨᠡᠢᠭᠡᠮ ᠲᠣᠭᠤᠷᠢᠭ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢᠶᠠᠨ ᠲᠣᠬᠤᠨᠢᠭᠤᠯᠪᠡ
ᠨᠡᠶᠢᠲᠡᠯᠡᠭᠰᠡᠨ ᠴᠠᠭ᠄
2024/7/24
     ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠠᠶᠣᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠤᠬᠠᠮᠰᠠᠷ ᠪᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠲᠣᠮᠳᠡᠳᠣ ᠶᠢᠨ ᠬᠦᠮᠣᠨ ᠤ ᠠᠮᠢ ᠨᠠᠰᠤᠨ ᠤ ᠳᠠᠭᠠᠳᠬᠠᠯ ᠤᠨ ᠷᠠᠰᠢᠶᠠᠨ ᠳᠠᠬᠢ ᠬᠤᠪᠢᠶᠠᠷᠢ ᠺᠣᠮᠫᠠᠨᠢ ᠲᠠᠢ ᠬᠠᠮᠲᠤᠷᠠᠨ ︽ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠲᠠᠢ ᠰᠡᠳᠬᠢᠯ ᠬᠤᠯᠪᠣᠵᠤ ᠳᠠᠭᠠᠳᠬᠠᠯ ᠤᠨ ᠪᠠᠲᠤᠯᠠᠭ᠎ᠠ  ᠬᠦᠷᠭᠡᠬᠦ︾ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠠᠮᠢ ᠨᠠᠰᠤᠨ ᠤ ᠳᠠᠭᠠᠳᠬᠠᠯ ᠤᠨ ᠷᠠᠰᠢᠶᠠᠨ ᠳᠠᠬᠢ ᠰᠠᠯᠪᠤᠷᠢ ᠺᠣᠮᠫᠠᠨᠢ ᠶᠢᠨ ᠯᠢ ᠱᠦ ᠪᠥᠸᠧ ᠳᠠᠭᠠᠭᠠᠮᠠᠯ ᠡᠩ ᠲᠡᠷᠢᠭᠦᠨ ᠳᠤ ᠳᠠᠭᠠᠳᠬᠠᠯ ᠤᠨ ᠮᠡᠬᠡᠯᠡᠯ ᠢ ᠡᠰᠡᠷᠭᠦᠴᠡᠬᠦ ᠮᠡᠳᠡᠯᠭᠡ ᠶᠢᠨ ᠲᠣᠭᠤᠷᠢᠨ ᠳᠤ ᠲᠠᠶᠢᠯᠤᠮᠵᠢ ᠬᠢᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠳᠤ ᠬᠡᠷᠡᠭᠯᠡᠭᠡᠨ ᠤ ᠦᠷᠭᠦᠯᠵᠢ ᠲᠣᠬᠢᠶᠠᠯᠳᠤᠳᠠᠭ ᠡ᠊ᠨᠳᠡᠬᠦᠷᠡᠯ᠂ ᠦᠷᠭᠦᠯᠵᠢ ᠲᠣᠬᠢᠶᠠᠯᠳᠤᠳᠠᠭ ᠮᠥᠩᠭᠦᠨ ᠭᠦᠢᠯᠭᠡᠭᠡᠨ ᠤ ᠬᠡᠷᠡᠭᠯᠡᠭᠡᠨ ᠤ ᠤᠨᠠᠭᠤᠯᠢ ᠵᠢᠴᠢ ᠠᠷᠭᠠᠴᠠᠭᠠᠬᠤ ᠠᠷᠭ᠎ᠠ ᠬᠡᠮᠵᠢᠶ᠎ᠡ ᠶᠢ ᠲᠦᠭᠡᠮᠡᠯᠵᠢᠭᠦᠯᠵᠦ᠂ ᠲᠠᠳᠡᠨᠡᠷ ᠤᠨ ᠮᠡᠬᠡᠯᠡᠯ ᠢ ᠲᠠᠨᠢᠬᠤ᠂ ᠮᠡᠬᠡᠯᠡᠬᠦ ᠶᠢ ᠰᠡᠷᠭᠡᠶᠢᠯᠡᠬᠦ᠂ ᠮᠡᠬᠡᠯᠡᠬᠦ ᠶᠢ ᠡᠰᠡᠷᠭᠦᠴᠡᠬᠦ ᠤᠬᠠᠮᠰᠠᠷ ᠵᠢᠴᠢ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠥᠭᠰᠠᠨ ᠪᠠᠶᠢᠨ᠎ᠠ᠃      ᠲᠣᠰ ᠤᠳᠠᠭᠠᠨ ᠤ ᠠᠵᠢᠯᠯᠠᠭ᠎ᠠ ᠪᠠᠷ ᠲᠠᠮᠵᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠰᠡᠳᠬᠢᠯ ᠢ ᠳᠤᠯᠠᠭᠠᠴᠠᠭᠤᠯᠤᠭᠰᠠᠨ ᠢᠶᠠᠷ ᠪᠠᠷᠠᠬᠤ ᠥᠬᠡᠶ ᠪᠠᠰᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠨ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃ ᠵᠠᠯᠭᠠᠭᠠᠳ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠬᠢᠨ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠦᠷᠭᠦᠯᠵᠢᠯᠡᠨ ᠰᠠᠶᠢᠲᠤᠷ ᠬᠢᠵᠦ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨ ᠬᠦ ᠳᠡᠭᠡᠭᠰᠢᠯᠡᠭᠦᠯᠦᠨ᠎ᠡ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号