ᠢᠷᠪᠢᠰ ᠲᠣᠰᠬᠤᠨ ᠠᠰᠠᠭᠤᠯᠲᠠ ᠶᠢᠨ ᠬᠠᠭᠤᠳᠠᠰᠤ ᠪᠠᠶᠢᠴᠠᠭᠠᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/7/24
      ᠢᠷᠪᠢᠰ ᠲᠣᠰᠬᠤᠨ ᠤ ᠠᠮᠢ ᠠᠬᠤᠢ ᠶᠢᠨ ᠨᠡᠭᠦᠳᠡᠯ ᠠᠷᠠᠳ ᠤᠨ ᠠᠰᠠᠷ ᠤᠨ ᠲᠦᠷᠦᠯ ᠵᠦᠢᠯ ᠢ ᠠᠮᠢᠯᠠᠭᠤᠯᠬᠤ ᠶᠢᠨ ᠲᠥᠯᠥᠭᠡ᠂ 7 ᠰᠠᠷ᠎ᠠ ᠶᠢᠨ 22 ᠤᠨ ᠡᠳᠦᠷ᠂ ᠷᠡᠰᠢᠶᠠᠨ ᠬᠤᠳᠡ ᠶᠢᠨ ᠢᠷᠪᠢᠰ ᠲᠣᠰᠬᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠡᠷᠡᠭᠴᠡᠭᠡ ᠶᠢᠨ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠲᠠᠷᠬᠠᠭᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠡᠷ ᠲᠤᠨᠢ ᠬᠦᠷᠴᠦ ᠡᠷᠦᠬᠡ ᠪᠠᠷ ᠣᠷᠣᠬᠤ ᠠᠷᠭ᠎ᠠ ᠬᠡᠯᠪᠡᠷᠢ ᠪᠠᠷ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠦᠨᠳᠦᠰᠦᠨ ᠱᠠᠲᠤᠨ ᠤ ᠠᠵᠢᠯ ᠢ ᠭᠦᠨᠵᠡᠭᠡᠶᠢᠷᠡᠨ ᠪᠣᠳᠠᠲᠠᠶᠢᠵᠢᠭᠤᠯᠪᠠ᠃      ᠠᠰᠠᠭᠤᠯᠲᠠ ᠶᠢᠨ ᠬᠠᠭᠤᠳᠠᠰᠤ ᠲᠠᠷᠬᠠᠭᠠᠵᠣ ᠪᠠᠶᠢᠴᠠᠭᠠᠬᠤ ᠳᠤᠮᠳᠠ᠂ ᠲᠣᠰᠬᠤᠨ ᠤ ︽ᠬᠤᠶᠠᠷ ᠵᠥᠪᠯᠡᠯ︾ ᠰᠠᠭᠤᠭᠠᠯᠢ ᠠᠷᠠᠳ ᠤᠨ ᠰᠠᠨᠠᠯ ᠢ ᠥᠷᠭᠡᠨ ᠢᠶᠠᠷ ᠬᠤᠷᠢᠶᠠᠵᠤ᠂ ᠲᠡᠳᠡᠨ ᠤ ᠣᠷᠣᠨ ᠰᠠᠭᠤᠴᠠ ᠶᠢᠨ ᠣᠷᠴᠢᠨ ᠲᠣᠭᠤᠷᠢᠨ᠂ ᠰᠠᠭᠤᠷᠢ ᠲᠥᠬᠦᠭᠡᠷᠦᠮᠵᠢ᠂ ᠭᠡᠷ ᠬᠤᠳᠠᠯᠳᠤᠨ ᠠᠪᠬᠤ ᠬᠦᠰᠡᠯ ᠵᠡᠷᠭᠡ ᠲᠠᠯ᠎ᠠ ᠪᠠᠷ ᠬᠢ ᠬᠠᠨᠤᠮᠵᠢ ᠶᠢᠨ ᠬᠡᠮᠵᠢᠶ᠎ᠡ ᠪᠠ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠶᠢ ᠪᠠᠭᠲᠠᠭᠠᠵᠤ᠂ ᠰᠠᠭᠤᠭᠠᠯᠢ ᠠᠷᠠᠳ ᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠶᠢᠯᠠᠭᠠᠪᠠ᠃ ᠲᠣᠣᠷᠵᠢᠭᠤᠯᠣᠬᠴᠢ ᠨᠠᠷ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠪᠠᠷ ᠳᠡᠮᠵᠢᠨ᠂ ᠨᠠᠩ ᠪᠣᠳᠡᠳᠡᠢ ᠨᠠᠩ ᠨᠠᠷᠢᠯᠢᠭ ᠲᠤᠭ᠎ᠠ ᠪᠠᠷᠢᠮᠲᠠ ᠪᠠ ᠰᠠᠭᠤᠭᠠᠯᠢ ᠠᠷᠠᠳ ᠤᠨ ᠰᠠᠨᠠᠯ ᠢ ᠴᠤᠭᠯᠠᠭᠤᠯᠵᠤ᠂ ᠰᠠᠭᠤᠭᠠᠯᠢ ᠠᠷᠠᠳ ᠤᠨ ᠠᠩᠬᠠᠷᠤᠯ ᠤᠨ ᠴᠡᠭ ᠢ ᠭᠦᠨᠵᠡᠭᠡᠶ ᠣᠶᠢᠯᠠᠭᠠᠬᠤ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠡᠲᠡᠭᠡᠷ ᠲᠤᠭ᠎ᠠ ᠪᠠᠷᠢᠮᠲᠠ ᠪᠠ ᠰᠠᠨᠠᠯ ᠳᠤ ᠰᠠᠭᠤᠷᠢᠯᠠᠨ᠂ ᠪᠣᠳᠠᠲᠠᠶ ᠬᠡᠷᠡᠭᠴᠡᠭᠡ ᠱᠠᠭᠠᠷᠳᠠᠯᠭ᠎ᠠ ᠳᠤ ᠨᠠᠩ ᠨᠡᠶᠢᠴᠡᠬᠦ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ ᠪᠠ ᠪᠦᠲᠦᠮᠵᠢᠲᠦ ᠴᠢᠨᠠᠷ ᠢ ᠦᠨᠡᠨ ᠬᠦ ᠪᠠᠲᠤᠯᠠᠵᠡᠢ᠃       ᠲᠣᠰ ᠤᠳᠠᠭᠠᠨ ᠤ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠶᠢᠨ ᠠᠵᠢᠯᠯᠠᠭ᠎ᠠ ᠪᠠᠷ ᠳᠠᠮᠵᠢᠨ ᠢᠷᠪᠢᠰ ᠲᠣᠰᠬᠤᠨ ᠤ ᠠᠷᠠᠳ ᠤᠨ ᠳᠠᠭᠤᠨ ᠢ ᠨᠠᠩ ᠰᠠᠶᠢᠨ ᠰᠣᠨᠣᠰᠴᠤ᠂ ᠲᠣᠰᠬᠤᠨ ᠤ ᠠᠷᠠᠳ ᠲᠤ ᠨᠠᠩ ᠰᠠᠶᠢᠨ ᠠᠮᠢᠳᠤᠷᠠᠯ ᠤᠨ ᠨᠥᠬᠦᠴᠡᠯ ᠪᠠ ᠣᠶᠢᠯᠡᠴᠢᠯᠡᠭᠡ ᠬᠠᠩᠭᠠᠵᠤ᠂ ᠢᠷᠪᠢᠰ ᠲᠣᠰᠬᠤᠨ ᠤ ᠬᠥᠭᠵᠢᠯᠲᠡ ᠶᠢᠨ ᠬᠢᠷᠢ ᠲᠦᠪᠰᠢᠨ ᠪᠠ ᠲᠣᠰᠬᠤᠨ ᠤ ᠠᠷᠠᠳ ᠤᠨ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠪᠡ᠃
 
ᠢᠷᠡᠯᠲᠡ᠄ ᠲᠢᠶᠠᠨ ᡂᠢ ᠪᠠᠯᠭᠠᠰᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号