ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2024 ᠣᠨ ᠤ ᠳᠥᠷᠪᠡᠳᠦᠭᠡᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/24
     7 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠷᠡᠰᠢᠶᠠᠨ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠳᠠ ᠶᠢᠨ ᠳᠠᠷᠤᠭ᠎ᠠ ᠸᠠᠩ ᠰᠢᠶᠤᠤ ᠬᠤᠸᠠᠨ ᠬᠤᠳᠠ ᠶᠢᠨ ᠵᠠᠰᠠᠭ ᠤᠨ ᠣᠷᠳᠣᠨ ᠤ 2024 ᠣᠨ ᠤ ᠳᠥᠷᠪᠡᠳᠦᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠰᠦᠨ ᠪᠠᠶ ᠴᠤᠸᠠᠨ᠂ ᠵᠣᠣ ᠫᠧᠩ ᠴᠢ᠂ ᠦ᠋ ᠫᠸᠢ᠂ ᠴᠢᠶᠣᠤ ᠹᠧᠩ ᠯᠢᠨ᠂ ᠵᠣᠣ ᠰᠢ ᠵᠢᠦ ᠬᠤᠷᠠᠯ ᠳᠤ ᠣᠷᠣᠯᠴᠠᠵᠤ ᠂ ᠬᠤᠲᠠ ᠶᠢᠨ ᠤᠳᠤᠷᠢᠳᠤᠯᠭ᠎ᠠ ᠵᠣᠣ ᠶᠤᠸᠠᠨ᠂ ᠶᠠᠩ ᠴᠢᠶᠦ᠋ᠩ᠂ ᠪᠠᠶ ᠹᠧᠩ ᠵᠢᠴᠢ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠢᠨᠠᠨ ᠪᠤᠳᠤᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠲᠣᠰ ᠬᠤᠷᠠᠯ ᠳᠤ ᠰᠤᠯᠠ ᠣᠷᠣᠯᠴᠠᠪᠠ᠃      ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ︽ᠡᠷᠬᠡᠪᠰᠢ ᠪᠠᠶ᠎ᠠ ᠳᠡᠭᠡᠨ ᠢᠲᠡᠭᠡᠯ ᠲᠠᠢ ᠪᠡᠶ᠎ᠡ ᠪᠠᠨ ᠳᠠᠭᠠᠭᠠᠬᠤ ᠶᠢ ᠪᠠᠷᠢᠮᠲᠠᠯᠠᠬᠤ ᠭᠡᠷᠡᠭᠳᠡᠢ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠲᠠᠪᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ᠂ ᠪᠦᠬᠦ ᠬᠤᠳᠠ ᠶᠢᠨ ᠬᠡᠯᠪᠡᠷᠢᠴᠢ ᠦᠵᠡᠯ ᠤᠨ ᠠᠵᠢᠯ ᠤᠨ ᠭᠤᠣᠯᠳᠠᠯᠭ᠎ᠠ ᠪᠣᠯᠤᠨ ᠪᠦᠬᠦ ᠠᠶᠢᠮᠠᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠬᠦ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠪᠠᠶᠢᠳᠠᠯ ᠢ ᠵᠠᠳᠠᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠦᠯ ᠤᠨ ᠪᠠᠷᠢᠮᠲᠠᠲᠤ ᠺᠢᠨᠣ᠋ ︽ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠶ᠎ᠠ︾ ᠭᠡᠬᠦ ᠶᠢ ᠦᠵᠡᠪᠡ︔ ᠬᠢᠨᠠᠨ ᠪᠤᠳᠤᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠠᠵᠢᠯ ᠳᠤ ᠪᠠᠶᠢᠷᠢᠯᠠᠭᠤᠯᠤᠯᠲᠠ ᠬᠢᠪᠡ᠃      ᠬᠤᠷᠠᠯ ᠠᠴᠠ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠣᠯᠣᠰ ᠲᠦᠷᠣ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠳᠠᠭᠠᠰᠣᠨ ᠤ  ᠵᠣᠷᠢᠭ ᠰᠠᠨᠠᠭ᠎ᠠ ᠪᠠᠷ ᠪᠦᠬᠦ ᠬᠤᠳᠠ ᠶᠢᠨ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠶᠢ ᠲᠥᠯᠥᠪᠵᠢᠭᠦᠯᠦᠨ ᠨᠠᠷᠢᠯᠢᠬᠵᠢᠭᠤᠯᠬᠤ ᠪᠠ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠬᠡᠯᠪᠡᠷᠢᠴᠢ ᠦᠵᠡᠯ ᠤᠨ ᠠᠵᠢᠯ ᠢ ᠰᠠᠶᠢᠲᠤᠷ ᠠᠳᠬᠤᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠡᠯᠪᠡᠷᠢᠴᠢ ᠦᠵᠡᠯ ᠤᠨ ᠠᠵᠢᠯ ᠢ ᠰᠠᠶᠢᠲᠤᠷ ᠬᠢᠬᠦ ᠤᠬᠠᠮᠰᠠᠷᠲᠤ ᠴᠢᠨᠠᠷ ᠪᠣᠯᠤᠨ ᠡᠷᠡᠰ ᠪᠠᠲᠤ ᠴᠢᠨᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠴᠡᠭ ᠢ ᠴᠢᠩᠭ᠎ᠠ ᠠᠩᠬᠠᠷᠴᠤ᠂ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠡᠯᠪᠡᠷᠢᠴᠢ ᠦᠵᠡᠯ ᠤᠨ ᠬᠦᠷᠢᠶ᠎ᠡ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠠᠶᠤᠯ ᠲᠦᠭᠰᠢᠭᠦᠷᠢ ᠶᠢ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠵᠦ᠂ ᠡᠷᠲᠡ ᠮᠡᠳᠡᠭᠦᠯᠬᠦ ᠶᠢ ᠦᠨᠡᠨ ᠬᠦ ᠪᠡᠶᠡᠯᠡᠭᠦᠯᠵᠦ᠂ ᠬᠡᠯᠪᠡᠷᠢᠴᠢ ᠦᠵᠡᠯ ᠤᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ᠃ ᠪᠥᠬᠦ ᠠᠶᠢᠮᠠᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠶᠢᠨ ᠪᠠᠶᠢᠴᠠᠭᠠᠨ ᠰᠤᠳᠤᠯᠤᠯᠲᠠ ᠵᠢᠴᠢ ᠪᠥᠬᠦ ᠠᠶᠢᠮᠠᠭ ᠤᠨ ᠠᠵᠤ ᠠᠬᠤᠶ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠠᠵᠢᠯ ᠢ ᠭᠤᠤᠯ ᠠᠵᠢᠯ ᠪᠣᠯᠭᠠᠨ ᠠᠳᠬᠤᠵᠤ᠂ ᠪᠠᠶᠢᠳᠠᠯ ᠢ ᠲᠣᠳᠣᠷᠬᠠᠶ ᠲᠠᠨᠢᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠲᠥᠷᠥᠯ ᠵᠦᠢᠯ ᠤᠨ ᠪᠠᠯᠠ ᠣᠷᠣᠭᠤᠯᠤᠯᠲᠠ ᠶᠢ ᠰᠢᠯᠢᠳᠡᠭᠵᠢᠭᠦᠯᠵᠦ ᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠣᠨ ᠠᠪᠴᠢᠷᠡᠬᠤ ᠠᠵᠢᠯ ᠢ ᠰᠠᠶᠢᠲᠤᠷ ᠬᠢᠵᠦ᠂ ᠵᠢᠭᠤᠯᠴᠢᠯᠠᠯ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠰᠠᠶᠢᠲᠤᠷ ᠠᠳᠬᠤᠵᠤ᠂ ᠪᠥᠬᠦ ᠵᠢᠯ ᠤᠨ ᠬᠠᠷᠠᠯᠲᠠ ᠪᠠᠨ ᠲᠣᠭᠲᠠᠭᠤᠨ ᠢᠶᠠᠷ ᠪᠡᠶᠡᠯᠡᠭᠦᠯᠵᠦ᠂ ᠠᠵᠤ ᠠᠬᠤᠶ ᠶᠢᠨ ᠲᠣᠭᠲᠠᠭᠤᠨ ᠢᠶᠠᠷ ᠳᠡᠭᠡᠭᠰᠢᠯᠡᠬᠦ ᠶᠢ ᠪᠠᠲᠤᠯᠠᠬᠤ ᠬᠡᠷᠡᠭᠲᠡᠶ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠴᠢᠩᠭ᠎ᠠ ᠬᠦᠭ ᠠᠶᠠᠰ ᠢ ᠤᠯᠠᠮ ᠨᠢᠭᠡ ᠠᠯᠬᠤᠮ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠡᠬᠢᠯᠡᠩᠭᠦᠲᠡ ᠪᠠᠨ ᠪᠣᠯᠭᠤᠮᠵᠢᠲᠠᠢ ᠠᠬᠢᠭᠤᠯᠬᠤ ᠬᠡᠷᠡᠭᠲᠡᠢ  ᠭᠡᠵᠣ ᠴᠢᠬᠤᠯᠠᠴᠢᠯᠡᠵᠡᠢ᠃      ᠬᠤᠷᠠᠯ ᠳᠡᠭᠡᠷ᠎ᠡ ᠪᠠᠰᠠ ᠵᠠᠰᠠᠭ ᠤᠨ ᠣᠷᠳᠣᠨ ᠤ ᠰᠢᠰᠲ᠋ᠧᠮ ᠤᠨ ᠬᠤᠲᠠ ᠶᠢᠨ ᠲᠡᠰ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠷᠡᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号