ᠶᠠᠩ ᠶᠦᠩ ᠵᠢᠦ ᠬᠤᠳᠡ ᠶᠢᠨ ᠨᠠᠮ ᠤᠨ ᠬᠤᠷᠢᠶᠠᠨ ᠤ ᠱᠦᠵᠢ ᠨᠠᠷ ᠤᠨ ᠠᠯᠪᠠᠨ ᠬᠤᠷᠠᠯ ᠢ ᠡᠷᠭᠢᠯᠡᠨ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/7/24
          7 ᠰᠠᠷ᠎ᠠ ᠶᠢᠨ 21 ᠤ ᠡᠳᠦᠷ᠂  ᠷᠡᠰᠢᠶᠡᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ᠂ ᠱᠦᠵᠢ ᠨᠠᠷ ᠤᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠢᠯ ᠤᠨ ᠲᠥᠰᠦᠯ ᠢ ᠲᠣᠭᠲᠠᠭᠠᠭᠰᠠᠨ ᠪᠠᠶᠢᠳᠠᠯ ᠢ ᠰᠣᠨᠣᠰᠤᠭᠰᠠᠨ ᠪᠥᠭᠡᠳ ᠪᠣᠳᠠᠲᠠᠶ ᠲᠣᠬᠢᠷᠠᠭᠤᠯᠤᠯᠲᠠ ᠳᠤᠷᠠᠳᠪᠠ᠃      ᠬᠤᠷᠠᠯ ᠠᠴᠠ᠂ ᠪᠥᠬᠦ ᠬᠤᠲᠠ ᠪᠠᠷ ᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠢᠷᠭᠤᠭᠠᠨ ᠪᠦᠷᠢᠨᠰᠢᠬᠦᠯᠬᠦ︾ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶᠢᠷᠡᠭᠦᠯᠦᠨ᠂ ᠵᠦᠷᠢᠶᠡᠴᠢᠯᠡᠭᠰᠡᠨ᠂ ᠳᠡᠭᠡᠳᠦ ᠲᠠᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠡᠪᠦᠯ ᠤᠨ ᠤᠯᠠᠷᠢᠯ ᠤᠨ ᠵᠤᠭᠠᠴᠠᠯ ᠢ ᠪᠥᠬᠦ ᠬᠦᠴᠦᠨ ᠢᠶᠠᠷ ᠢᠶᠠᠨ  ᠬᠦᠭᠵᠢᠭᠡᠵᠣ᠂ ︽ᠬᠦᠢᠲᠡᠨ ᠡᠬᠢ ᠪᠠᠶᠠᠯᠢᠭ︾ ᠢ ︽ᠬᠠᠯᠠᠭᠤᠨ ᠠᠵᠤ ᠦᠢᠯᠡᠰ︾ ᠪᠣᠯᠭᠠᠵᠤ᠂ ᠷᠠᠰᠢᠶᠠᠨ ᠤ ᠡᠪᠦᠯ ᠤᠨ ᠤᠯᠠᠷᠢᠯ ᠤᠨ ᠵᠢᠭᠤᠯᠴᠢᠯᠠᠯ ᠢ ︽ᠬᠥᠭᠵᠢᠶᠡᠨᠲᠡᠶ ᠪᠣᠯᠭᠠᠬᠤ︾ ᠬᠡᠷᠡᠭᠲᠡᠶ᠃ ᠡᠷᠲᠡ ᠲᠥᠯᠥᠪᠵᠢᠭᠦᠯᠵᠦ ᠡᠷᠲᠡ ᠬᠥᠳᠡᠯᠦᠯᠴᠡᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠢᠯ ᠤᠨ ᠲᠥᠰᠦᠯ ᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ︽ᠵᠢᠭᠤᠯᠴᠢᠯᠠᠯ +︾᠂ ︽ᠮᠥᠰᠥ ᠴᠠᠰᠤ +︾ ᠶᠢᠨ ᠠᠵᠢᠯ ᠢ ᠭᠦᠢᠴᠡᠳ ᠬᠢᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠵᠠᠭᠤᠨ ᠭᠠᠵᠠᠷ ᠤᠨ ᠰᠠᠭᠰᠤᠷᠭ᠎ᠠ᠂ ᠪᠦᠯᠢᠶᠠᠨ ᠭᠤᠤᠯ ᠳᠤ ᠬᠥᠪᠪᠥᠭᠦᠯᠬᠦ᠂ ᠡᠪᠦᠯ ᠤᠨ ᠤᠯᠠᠷᠢᠯ ᠤᠨ ᠰᠤᠳᠤᠯᠤᠨ ᠰᠤᠷᠤᠯᠴᠠᠬᠤ ᠵᠡᠷᠭᠡ ᠣᠨᠴᠠᠯᠢᠭᠲᠤ ᠠᠭᠤᠯᠤᠭᠳᠠᠬᠤᠨ ᠤ ᠬᠢᠯᠠᠰ ᠴᠡᠭ ᠢ ᠭᠦᠨ ᠠᠭᠤᠳᠠᠯᠵᠤ᠂ ᠣᠨᠴᠠᠯᠢᠭ ᠢᠶᠠᠷ ᠢᠯᠡ ᠲᠣᠳᠣ᠂ ᠬᠠᠷᠢᠯᠴᠠᠨ ᠬᠥᠳᠡᠯᠦᠯᠴᠡᠬᠦ ᠴᠢᠨᠠᠷ ᠢᠶᠠᠷ ᠴᠢᠩᠭ᠎ᠠ᠂ ᠠᠭᠤᠯᠭ᠎ᠠ ᠪᠠᠷ ᠪᠠᠶᠠᠯᠢᠭ ᠣᠯᠠᠨ ᠡᠰᠢᠲᠦ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠶ ᠪᠤᠶᠢᠵᠢᠭᠤᠯᠵᠤ᠂ ᠦᠢᠯᠡᠴᠢᠯᠡᠭᠡᠨ ᠤ ᠢᠵᠢ ᠪᠥᠷᠢᠳᠦᠭᠦᠯᠬᠦ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠦᠢᠯᠡᠴᠢᠯᠡᠭᠡᠨ ᠤ ᠭᠥᠯᠢᠶᠡᠨ ᠠᠪᠬᠤ ᠴᠢᠳᠠᠪᠤᠷᠢ ᠶᠢ ᠳᠡᠭᠡᠭᠰᠢᠯᠡᠭᠦᠯᠵᠦ᠂ ᠵᠢᠭᠤᠯᠴᠢᠯᠠᠯ ᠤᠨ ᠭᠦᠨᠵᠡᠭᠡᠶ ᠣᠶᠢᠯᠠᠭᠠᠯᠲᠠ ᠶᠢ ᠥᠷᠭᠡᠳᠬᠡᠬᠦ ᠬᠡᠷᠡᠭᠲᠡᠶ᠃ ᠰᠤᠷᠭᠠᠭᠤᠯᠢ ᠶᠢᠨ ᠨᠠᠶᠢᠵᠠ ᠶᠢᠨ ᠠᠵᠤ ᠠᠬᠤᠶ᠂ ᠤᠷᠤᠯᠳᠤᠭᠠᠨ ᠤ ᠠᠵᠢᠯᠯᠠᠭ᠎ᠠ ᠵᠡᠷᠭᠡ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠡᠷᠡᠲᠦ ᠬᠥᠮᠦᠰ ᠤᠨ ᠦᠢᠯᠡᠳᠦᠯ ᠪᠠ ᠨᠡᠷᠡᠲᠦ ᠬᠥᠮᠦᠰ ᠤᠨ ᠤᠷᠤᠰᠬᠠᠯ ᠤᠨ ᠬᠡᠮᠵᠢᠶ᠎ᠡ ᠶᠢ ᠤᠷᠠᠨ ᠢᠶᠠᠷ ᠬᠡᠷᠡᠭᠯᠡᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠶ᠃ ᠤᠷᠢᠳᠠᠴᠢ ᠤᠬᠠᠭᠤᠯᠤᠨ ᠳᠡᠯᠭᠡᠷᠡᠭᠦᠯᠬᠦ ᠠᠵᠢᠯ ᠢ ᠥᠨᠳᠥᠷ ᠲᠦᠪᠰᠢᠨ ᠢᠶᠠᠷ ᠰᠠᠶᠢᠲᠤᠷ ᠬᠢᠵᠦ᠂ ᠤᠯᠠᠮᠵᠢᠯᠠᠯᠲᠤ ᠵᠠᠭᠤᠴᠢᠯᠠᠭᠤᠷ ᠪᠣᠯᠤᠨ ᠰᠢᠨ᠎ᠡ ᠵᠠᠭᠤᠴᠢᠯᠠᠭᠤᠷ ᠤᠨ ᠲᠠᠪᠴᠠᠩ ᠢ ᠰᠠᠶᠢᠲᠤᠷ ᠠᠰᠢᠭᠯᠠᠵᠤ᠂ ︽ᠡᠮᠦᠨ᠎ᠡ ᠤᠮᠠᠷ᠎ᠠ ᠬᠠᠷᠢᠯᠴᠠᠨ ᠬᠥᠳᠡᠯᠦᠯᠴᠡᠬᠦ᠂ ᠬᠦᠢᠲᠡᠨ ᠬᠠᠯᠠᠭᠤᠨ ᠬᠠᠷᠢᠯᠴᠠᠨ ᠠᠭᠤᠰᠤᠯᠴᠠᠬᠤ︾ ᠶᠢ ᠠᠬᠢᠭᠤᠯᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠲᠦᠷᠦᠯ ᠲᠡᠮᠳᠡᠭ ᠢ ᠦᠷᠭᠦᠯᠵᠢᠯᠡᠨ ᠲᠠᠭᠤᠷᠢᠰᠣᠭᠤᠯᠬᠤ ᠬᠡᠷᠡᠭᠲᠡᠢ ᠭᠡᠵᠦ ᠴᠢᠬᠤᠯᠠᠴᠢᠯᠡᠪᠡ᠃      ᠬᠤᠲᠠ ᠶᠢᠨ ᠤᠳᠤᠷᠢᠳᠤᠯᠭ᠎ᠠ ᠸᠠᠩ ᠲᠢᠶᠠᠨ ᠹᠧᠩ᠂ ᠬᠠᠨ ᠴᠠᠩ ᠵᠢᠦ᠂ ᠶᠠᠩ ᠴᠢᠶᠦ᠋ᠩ᠂ ᠪᠠᠶ ᠹᠧᠩ᠂ ᠸᠠᠩ ᠬᠠᠶ ᠵᠢᠶᠦ᠋ᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠲᠣᠰ ᠬᠤᠷᠠᠯ ᠳᠤ ᠣᠷᠣᠯᠴᠠᠵᠠᠶ᠃
 
ᠢᠷᠡᠯᠲᠡ᠄ ᠷᠡᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号