ᠶᠠᠩ ᠶᠦᠩ ᠵᠢᠦ ᠬᠤᠳᠡ ᠶᠢᠨ ᠨᠠᠮ ᠤᠨ ᠬᠤᠷᠢᠶᠠᠨ ᠤ ᠱᠦᠵᠢ ᠨᠠᠷ ᠤᠨ ᠠᠯᠪᠠᠨ ᠬᠤᠷᠠᠯ ᠢ ᠡᠷᠭᠢᠯᠡᠨ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/7/24
     7 ᠰᠠᠷ᠎ᠠ ᠶᠢᠨ 22 ᠤᠨ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ᠂ ᠱᠦᠵᠢ ᠨᠠᠷ ᠤᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠡ᠃ ᠬᠤᠷᠡᠯ ᠲᠡᠭᠡᠷ᠎ᠡ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ᠂ ᠪᠣᠬᠢᠷᠲᠤᠯ ᠥᠬᠡᠶ ᠵᠢᠵᠢᠭ ᠬᠤᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠤᠭᠰᠠᠨ ᠪᠥᠭᠡᠳ ᠪᠣᠳᠠᠲᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠬᠤᠷᠠᠯ ᠠᠴᠠ᠂ ︽ᠵᠢᠷᠭᠤᠭᠠᠨ ᠶᠠᠭᠤ ᠪᠣᠢ︾ ᠶᠢᠨ ᠲᠣᠭᠤᠷᠢᠨ ᠳᠤ᠂ ᠡᠷᠲᠡ ᠲᠥᠯᠥᠪᠵᠢᠭᠦᠯᠵᠦ᠂ ᠡᠷᠲᠡ ᠪᠠᠶᠢᠷᠢᠯᠠᠭᠤᠯᠵᠤ᠂ ᠡᠷᠲᠡ ᠡᠬᠢᠯᠡᠭᠦᠯᠵᠦ᠂ ᠨᠡᠩ ᠰᠢᠯᠢᠳᠡᠭ ︽ᠮᠥᠰᠥ ᠴᠠᠰᠤ +︾ ᠰᠢᠨ᠎ᠡ ᠪᠠᠶᠢᠳᠠᠯ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠡᠪᠦᠯ ᠤᠨ ᠤᠯᠠᠷᠢᠯ ᠤᠨ  ᠵᠢᠭᠤᠯᠴᠢᠯᠠᠯ ᠤᠨ ︽ᠨᠢᠳᠤᠷᠭᠠᠨ︾ ᠤ ᠦᠢᠯᠡᠳᠬᠦᠨ ᠢ ᠡᠭᠦᠳᠴᠦ᠂ ︽ᠡᠪᠦᠯ ᠵᠤᠨ ᠬᠤᠶᠠᠷ ᠣᠯᠠᠷᠢᠯ ᠢ ᠬᠦᠭᠵᠢᠬᠦᠯᠵᠤ᠂ ᠲᠦᠷᠪᠡᠨ ᠤᠯᠠᠷᠢᠯ ᠳᠤ ᠴᠦᠮ  ᠭᠦᠭᠵᠢᠶᠠᠨᠳᠡᠢ︾ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠤᠬᠠᠭᠤᠯᠭ᠎ᠠ ᠪᠣᠷᠣᠯᠠᠭᠤᠯᠭ᠎ᠠ ᠶᠢᠨ ᠠᠵᠢᠯ ᠢ ᠰᠢᠰᠲ᠋ᠧᠮ ᠲᠠᠢ ᠲᠥᠯᠥᠪᠵᠢᠭᠦᠯᠵᠦ᠂ ᠡᠯ᠎ᠡ ᠲᠠᠯ᠎ᠠ ᠶᠢᠨ ᠲᠠᠪᠴᠠᠩ ᠢ ᠰᠠᠶᠢᠲᠤᠷ ᠠᠰᠢᠭᠯᠠᠵᠤ᠂ ᠤᠬᠠᠭᠤᠯᠭ᠎ᠠ ᠶᠢᠨ ᠬᠦᠴᠦᠨ ᠢ ᠨᠢᠭᠡᠳᠭᠡᠵᠣ᠂ ᠭᠤᠣᠯ ᠠᠬᠢᠭᠤᠯᠬᠤ ᠡᠵᠡᠩᠨᠡᠯᠲᠡ ᠶᠢᠨ ᠬᠡᠯᠪᠡᠷᠢ ᠪᠠ ᠦᠢᠯᠡᠳᠬᠦᠨ ᠢ ᠲᠣᠳᠣᠷᠬᠠᠶᠢᠯᠠᠵᠤ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾᠂ ︽ᠭᠤᠣᠯ ᠵᠠᠭᠤᠴᠢᠯᠠᠭᠤᠷ + ᠰᠢᠨ᠎ᠡ ᠵᠠᠭᠤᠴᠢᠯᠠᠭᠤᠷ︾ ᠤᠨ ᠤᠬᠠᠭᠤᠯᠭ᠎ᠠ ᠪᠣᠷᠣᠯᠠᠭᠤᠯᠭ᠎ᠠ ᠶᠢᠨ ᠵᠢᠭᠰᠠᠭᠠᠯ ᠢ ᠪᠠᠶᠢᠭᠤᠯᠵᠤ᠂ ᠵᠠᠬ᠎ᠠ ᠳᠡᠯᠭᠡᠭᠦᠷ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠳᠠᠯᠢ ᠳᠠᠪᠲᠠᠮᠵᠢ ᠪᠠᠷ ᠬᠦᠴᠦᠯᠡᠵᠦ᠂ ᠠᠳᠠᠯᠢ ᠴᠢᠭᠯᠡᠯ ᠢᠶᠠᠷ ᠬᠦᠴᠦᠯᠡᠵᠦ᠂ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠪᠠᠷ ᠠᠶᠠᠨᠴᠢᠳ ᠤᠨ ᠢᠷᠡᠯᠳᠡ ᠶᠢ ᠲᠠᠶᠢᠴᠢᠯᠡᠨ ᠳᠠᠭᠠᠭᠤᠯᠬᠤ ᠶᠢ ᠴᠢᠩᠭᠠᠳᠬᠠᠬᠤ ᠬᠡᠷᠡᠭᠲᠡᠢ᠃ ᠪᠣᠬᠢᠷᠲᠤᠯ ᠥᠬᠡᠶ ᠵᠢᠵᠢᠭ ᠬᠤᠲᠠ ᠶᠢᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠴᠠᠭ ᠬᠤᠭᠤᠴᠠᠭ᠎ᠠ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ︽3 + 4︾ ᠬᠦᠴᠦᠨ ᠵᠦᠢᠯ ᠢᠶᠠᠷ ᠲᠤᠯᠭᠠᠭᠤᠷᠢᠯᠠᠯ ᠪᠣᠯᠭᠠᠵᠤ᠂ ︽ᠨᠢᠭᠡ ᠲᠣᠭᠤᠷᠢᠯ ᠵᠢᠷᠭᠤᠭᠠᠨ ᠲᠣᠭᠤᠷᠢᠭ︾ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠷᠠᠰᠢᠶᠠᠨ ᠢ ᠣᠷᠣᠰᠢᠨ ᠰᠠᠭᠤᠷᠢᠰᠢᠬᠤ ᠳᠤ ᠲᠠᠭᠠᠯᠠᠮᠵᠢᠳᠡᠢ᠂  ᠣᠶᠢᠯᠡᠰ ᠡᠷᠬᠢᠯᠡᠬᠦ ᠳᠤ ᠲᠣᠬᠢᠷᠠᠮᠵᠢᠲᠠᠶ᠂  ᠵᠢᠭᠤᠯᠴᠢᠯᠠᠬᠤ ᠳᠤ ᠲᠣᠬᠢᠷᠠᠮᠵᠢᠲᠠᠶ ᠪᠣᠬᠢᠷᠲᠤᠯ ᠥᠬᠡᠶ ᠵᠢᠵᠢᠭ ᠬᠤᠲᠠ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ᠃ ᠪᠦᠬᠦ ᠨᠡᠶᠢᠭᠡᠮ ᠤᠨ ᠬᠦᠮᠣᠰ ᠢ ᠢᠳᠡᠪᠬᠢᠲᠡᠢ ᠳᠠᠶᠢᠴᠢᠯᠠᠨ ᠪᠣᠬᠢᠷᠲᠤᠯ ᠦᠭᠡᠢ ᠵᠢᠵᠢᠭ ᠬᠤᠲᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠨᠠᠮ ᠵᠠᠰᠠᠭ ᠤᠨ ᠪᠠᠶᠢᠭᠤᠯᠭ᠎ᠠ ᠨᠢᠭᠡᠴᠢ ᠵᠢᠱᠢᠶ᠎ᠡ ᠦᠵᠡᠭᠦᠯᠦᠨ ᠲᠦᠷᠦᠭᠦᠯᠡᠵᠦ᠂ ᠡᠯ᠎ᠡ ᠠᠵᠢᠯ ᠲᠥᠷᠥᠯ ᠤᠨ ᠬᠢᠨ ᠢᠳᠡᠪᠬᠢᠲᠡᠢ ᠴᠤᠤᠷᠢᠶᠠᠲᠤᠨ ᠳᠠᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠦᠴᠦ ᠪᠠᠨ ᠬᠠᠮᠲᠤᠳᠬᠠᠨ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠵᠤ᠂ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ   ᠭᠡᠵᠣ ᠴᠢᠬᠤᠯᠠᠴᠢᠯᠠᠵᠡᠢ᠃      ᠬᠤᠳᠠ ᠶᠢᠨ ᠤᠳᠤᠷᠢᠳᠤᠯᠭ᠎ᠠ ᠸᠠᠩ ᠰᠢᠶᠤᠤ ᠬᠤᠸᠠᠨ᠂ ᠸᠠᠩ ᠲᠢᠶᠠᠨ ᠹᠧᠩ᠂ ᠬᠠᠨ ᠴᠠᠩ ᠵᠢᠦ᠂ ᠲᠠᠢ ᠬᠠᠢ ᠹᠧᠩ᠂ ᠶᠠᠩ ᠴᠢᠶᠦ᠋ᠩ᠂ ᠪᠠᠢ ᠹᠧᠩ᠂ ᠸᠠᠩ ᠬᠠᠢ ᠵᠢᠶᠦ᠋ᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃
 
ᠢᠷᠡᠯᠲᠡ᠄ ᠷᠡᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号